ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/20
     ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠪᠠᠶᠠᠷ ᠬᠥᠷ ᠲᠠᠢ ᠥᠯᠵᠡᠢ  ᠪᠡᠯᠭᠡᠲᠦ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 17 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠡᠮᠬᠢᠯᠡᠨ ᠵᠠᠳᠠᠯᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠨᠢᠨ ᠳᠡᠭᠡᠷ᠎ᠡ  ᠨᠢ ᠡᠵᠡᠮᠰᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠥᠰ ᠢ ᠲᠤᠪᠤᠶᠢᠯᠭᠠᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠣᠭᠲᠠᠭᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ ᠡᠨᠡᠬᠦ ᠬᠥᠪᠴᠢ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠶᠢ ᠬᠠᠮᠢᠶᠠᠷᠤᠨ ᠡᠵᠡᠮᠳᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠭᠠᠯ ᠰᠡᠷᠭᠡᠶᠢᠯᠡᠬᠦ ᠠᠮᠤᠷ ᠲᠦᠪᠰᠢᠨ᠂ ᠰᠣᠶᠣᠯ ᠵᠤᠭᠠᠴᠠᠯ ᠵᠡᠷᠭᠡ ᠲᠠᠯ᠎ᠠ ᠪᠠᠷ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠰᠢᠢᠳᠪᠦᠷᠢᠯᠡᠵᠦ᠂ ᠭᠡᠮ ᠰᠣᠭᠤᠭ ᠢ ᠭᠠᠮᠰᠢᠭ ᠪᠣᠯᠬᠤ ᠠᠴᠠ ᠡᠮᠦᠨ᠎ᠡ ᠠᠷᠢᠯᠭᠠᠬᠤ ᠬᠡᠷᠡᠭᠲᠡᠢ  ᠭᠡᠵᠡᠢ᠃     ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠤᠨ ᠪᠠᠶᠢᠷᠢ ᠶᠢ ᠵᠢᠵᠢᠭᠦᠷᠯᠡᠨ ᠰᠠᠬᠢᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号