ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/20
     1 ᠰᠠᠷ᠎ᠠ ᠶᠢᠨ 18 ᠤ ᠡᠳᠦᠷ᠂ ᠪᠥᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋  ᠶᠢᠨ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠵᠢᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠺᠠᠳ᠋ᠷᠴᠤᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠰᠦᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠪᠠᠷ ᠳᠠᠭᠠᠵᠤ᠂ ᠵᠢᠵᠢᠭᠦᠷᠯᠡᠨ ᠵᠢᠵᠢᠭᠦᠷᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠥᠯᠵᠡᠢ  ᠪᠡᠯᠭᠡᠲᠦ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠤᠨ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠡᠷᠡ ᠳᠠᠷᠤᠢ ᠳᠤᠨᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ᠂ ᠸᠠᠩ ᠯᠢ ᠳ᠋ᠦᠩ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号