ᠴᠠᠭᠠᠨ ᠰᠠᠷ᠎ᠠ ᠶᠢᠨ ᠬᠤᠭᠤᠴᠠᠭᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ  ᠡᠭᠦᠷᠭᠡᠯᠡᠨ᠎ᠡ
ᠨᠡᠶᠢᠲᠡᠯᠡᠭᠰᠡᠨ ᠴᠠᠭ᠄
2023/1/24
     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠭᠡᠯ ᠵᠢᠷ ᠤᠨ ᠪᠠᠷᠢᠮᠲᠠᠯᠠᠯ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠪᠠᠶᠠᠷ ᠤᠨ ᠡᠳᠦᠷ ᠤᠨ ᠡᠶ᠎ᠡ ᠨᠠᠶᠢᠷ ᠢ ᠰᠣᠯᠢᠵᠤ ᠠᠪᠴᠢᠷᠠᠪᠠ᠃     ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠬᠦ ᠳᠤ᠂ ᠲᠦᠷᠭᠡᠨ ᠡᠮᠨᠡᠬᠦ ᠰᠠᠯᠠᠭᠠᠨ ᠤ ᠡᠮᠨᠡᠯᠭᠡ ᠶᠢᠨ ᠠᠵᠢᠯᠲᠠᠳ ᠶᠠᠭᠠᠷᠠᠯᠲᠠᠢ ᠠᠵᠢᠯᠯᠠᠵᠤ᠂ ᠰᠦᠨ ᠪᠥᠸᠧ ᠡᠮᠴᠢ ᠶᠠᠭ ᠲᠦᠷᠭᠡᠨ ᠡᠮᠨᠡᠬᠦ ᠡᠪᠡᠳᠴᠢᠲᠡᠨ ᠢ ᠲᠤᠰᠴᠤ ᠪᠠᠶᠢᠪᠠ᠂ ᠡᠨᠡ ᠪᠣᠯ ᠲᠡᠭᠦᠨ ᠤ ᠡᠮᠴᠢᠯᠡᠭᠰᠡᠨ ᠠᠷᠪᠠᠨ ᠬᠤᠶᠠᠳᠤᠭᠠᠷ ᠵᠢᠯ ᠮᠥᠨ᠂ ᠪᠠᠰᠠ ᠴᠤ ᠲᠡᠭᠦᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠭᠰᠠᠨ ᠠᠷᠪᠠᠨ ᠬᠤᠶᠠᠳᠤᠭᠠᠷ ᠵᠢᠯ ᠮᠥᠨ᠃     ᠰᠦᠨ ᠪᠥᠸᠧ᠄ ︽ᠡᠨᠡ ᠵᠢᠯ ᠤᠨ ᠴᠠᠭᠠᠨ ᠰᠠᠷ᠎ᠠ ᠳᠤ᠂ ᠪᠢᠳᠡ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠴᠠᠭ ᠢᠮᠠᠭᠲᠠ ᠵᠠᠷᠯᠢᠭ ᠢᠶᠠᠷ ᠡᠪᠡᠳᠴᠢᠲᠡᠨ ᠢ ᠭᠥᠯᠢᠶᠡᠨ ᠠᠪᠴᠤ᠂ ᠬᠦᠨᠳᠦ ᠲᠦᠭᠰᠢᠭᠦᠷᠢᠲᠡᠢ ᠪᠠᠴᠢᠮ ᠡᠪᠡᠳᠴᠢᠲᠡᠨ ᠢ ᠴᠠᠭ ᠲᠤᠬᠠᠢ ᠳᠤᠨᠢ ᠲᠦᠷᠭᠡᠨ ᠠᠪᠤᠷᠠᠵᠤ᠂ ᠪᠠᠴᠢᠮ ᠡᠮᠨᠡᠯᠭᠡ ᠶᠢᠨ ᠡᠪᠡᠳᠴᠢᠲᠡᠨ ᠴᠠᠭ ᠲᠤᠬᠠᠢ  ᠳᠤᠨᠢ ᠪᠠᠶᠢᠳᠠᠯ ᠢ ᠣᠶᠢᠯᠠᠭᠠᠬᠤ ᠶᠢᠨ ᠬᠠᠮᠲᠤ ᠬᠠᠮᠲᠤᠷᠠᠨ ᠣᠨᠣᠰᠢᠯᠠᠬᠤ ᠳᠤ ᠣᠷᠣᠯᠴᠠᠨ᠎ᠠ᠂ ᠬᠡᠳᠦᠶᠢᠪᠡᠷ ᠴᠠᠭᠠᠨ ᠰᠠᠷ᠎ᠠ ᠥᠩᠭᠡᠷᠡᠪᠡᠯ ᠭᠡᠷ ᠲᠡᠭᠡᠨ ᠬᠠᠷᠢᠵᠤ ᠳᠡᠶᠢᠯᠬᠦ ᠦᠭᠡᠢ ᠪᠣᠯᠤᠭᠰᠠᠨ ᠪᠣᠯᠪᠠᠴᠤ ᠡᠪᠡᠳᠴᠢᠲᠡᠨ ᠤ ᠠᠮᠢ ᠨᠠᠰᠤᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ ᠳᠡᠶᠢᠯᠬᠦ ᠨᠢ ᠪᠡᠨ᠎ᠡ ᠲᠠᠢ ᠭᠡᠵᠦ ᠪᠢ ᠪᠤᠳᠤᠨ᠎ᠠ︾ ᠭᠡᠵᠦ ᠬᠡᠯᠡᠪᠡ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭᠲᠤ ᠪᠠᠷᠠᠭᠤᠨ ᠵᠡᠭᠡᠯᠢ ᠪᠣᠯᠣᠨ ᠲᠢᠶᠠᠨ ᠵᠢᠶᠣᠣ ᠬᠤᠶᠢᠲᠤ ᠵᠠᠮ ᠤᠨ ᠠᠭᠤᠯᠵᠠᠷ ᠲᠤ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭ᠎ᠠ ᠶᠢ ᠵᠢᠯᠤᠭᠤᠳᠴᠤ᠂ ᠨᠠᠰᠢ ᠴᠠᠰᠢ ᠥᠩᠭᠡᠷᠡᠬᠦ ᠲᠡᠷᠭᠡ ᠶᠢ ᠪᠠᠶᠢᠴᠠᠭᠠᠵᠤ ᠪᠠᠶᠢᠨ᠎ᠠ᠂ ᠠᠭᠤᠷ ᠠᠮᠢᠰᠬᠤᠯ ᠬᠠᠬᠢᠷ ᠬᠦᠢᠲᠡᠨ ᠪᠠᠶᠢᠬᠤ ᠳᠤ ᠲᠠᠳᠠ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠲᠠ ᠶᠢᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠲᠤᠰᠠᠯᠠᠬᠤ ᠴᠠᠭᠳᠠᠭ᠎ᠠ ᠳ᠋ᠦᠩ ᠾᠧ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠠᠵᠢᠯᠲᠠᠳ ᠠᠵᠢᠯ ᠤᠨ ᠪᠠᠶᠢᠷᠢ ᠳᠤ ᠭᠠᠷᠴᠤ ᠵᠢᠵᠢᠭᠦᠷᠯᠡᠬᠦ ᠳᠡᠭᠡᠨ ᠲᠣᠭᠲᠠᠭᠠᠭᠰᠠᠨ ᠲᠥᠰᠥᠯ ᠶᠣᠰᠣᠭᠠᠷ᠂ ᠵᠠᠮ ᠬᠠᠷᠢᠯᠴᠠᠭᠠᠨ ᠤ ᠳᠣᠬᠢᠶᠠᠨ ᠳ᠋ᠧᠩ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢᠨ ᠬᠠᠮᠲᠤ ᠭᠠᠷ ᠤᠨ ᠳᠣᠬᠢᠶ᠎ᠠ ᠪᠠᠷ ᠵᠢᠯᠤᠭᠤᠳᠬᠤ ᠲᠠᠢ ᠤᠶᠠᠯᠳᠤᠭᠤᠯᠵᠤ᠂ ᠵᠠᠮ ᠬᠠᠷᠢᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠵᠢᠯᠤᠭᠤᠳᠬᠤ ᠶᠢᠨ ᠬᠠᠮᠲᠤ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠡᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠶᠤᠸᠠᠨ ᠰᠢᠨ ᠲᠣᠰᠬᠤᠨ ᠤ ᠠᠷᠠᠳ ᠯᠢ ᠪᠢᠩ ᠴᠢᠨ ᠤ ᠭᠡᠷ ᠲᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠭᠡᠷ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠬᠢᠵᠦ᠂ ᠨᠠᠰᠤᠲᠠᠶᠢᠴᠤᠳ ᠲᠠᠢ ᠤᠳᠠᠭᠠᠨ ᠶᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠣᠨ ᠪᠣᠳᠠᠲᠠᠢ ᠬᠦᠴᠢᠷᠳᠡᠯ ᠢ ᠣᠶᠢᠯᠠᠭᠠᠵᠤ ᠪᠠᠶᠢᠨ᠎ᠠ᠃     ᠲᠠᠪᠠᠭᠠᠨ ᠭᠤᠤ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠲᠦᠩ ᠱᠧᠩ ᠯᠦᠩ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ ᠪᠣᠯ ᠳᠠᠷᠤᠢ ᠠᠷᠠᠳ ᠤᠨ ᠴᠠᠭᠳᠠᠭ᠎ᠠ ᠶᠢᠨ ᠬᠢᠴᠢᠶᠡᠰᠦ ᠮᠥᠨ᠂ ᠲᠡᠷᠡ ᠬᠠᠮᠲᠤ ᠠᠵᠢᠯᠯᠠᠭᠰᠠᠳ ᠲᠠᠢ ᠪᠠᠨ ᠵᠢᠵᠢᠭᠦᠷᠯᠡᠬᠦ ᠪᠡᠯᠡᠳᠬᠡᠯ ᠠᠵᠢᠯ ᠤᠨ ᠳᠦᠷᠢᠮ ᠢ ᠴᠢᠩᠭ᠎ᠠ ᠵᠢᠷᠤᠮᠯᠠᠵᠤ᠂ ᠬᠠᠷᠢᠶ᠎ᠠ ᠣᠷᠣᠨ ᠤ ᠪᠠᠨ ᠠᠮᠤᠷ ᠲᠣᠭᠲᠠᠭᠤᠨ ᠡᠶ᠎ᠡ ᠵᠣᠬᠢᠴᠠᠩᠭᠤᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠨ᠎ᠠ ᠭᠡᠵᠦ ᠬᠡᠯᠡᠪᠡ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠬᠦ ᠳᠤ᠂ ᠭᠠᠯ ᠤᠨᠲᠠᠷᠠᠭᠠᠭᠴᠢᠳ ᠡᠳᠦᠷ ᠳᠤᠳᠤᠮ ᠤᠨ ᠲᠠᠮᠢᠷ ᠲᠡᠩᠬᠡᠭᠡ ᠶᠢᠨ ᠪᠣᠯᠪᠠᠰᠤᠷᠠᠯ ᠬᠢᠵᠦ᠂ ᠪᠣᠯᠪᠠᠰᠤᠷᠠᠯ ᠬᠢᠬᠦ ᠶᠠᠪᠤᠴᠠ ᠳᠤ᠂ ᠠᠩᠭᠢ ᠶᠢᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠢᠶᠠᠷ ᠢᠳᠡᠪᠬᠢᠲᠡᠢ ᠪᠣᠯᠪᠠᠰᠤᠷᠠᠵᠤ᠂ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠳᠠᠶᠢᠴᠢᠨ ᠵᠣᠷᠢᠭ ᠰᠠᠨᠠᠭ᠎ᠠ ᠪᠠᠨ ᠭᠦᠢᠴᠡᠳ ᠪᠠᠳᠠᠷᠠᠭᠤᠯᠪᠠ᠃    ᠬᠤᠰᠢᠭᠤᠨ ᠤ ᠠᠪᠤᠷᠠᠨ ᠲᠤᠰᠠᠯᠠᠬᠤ ᠭᠠᠯ ᠤᠨᠲᠠᠷᠠᠭᠠᠬᠤ ᠶᠡᠭᠡ ᠠᠩᠭᠢ ᠶᠢᠨ ᠨᠢᠭᠡᠳᠦᠭᠡᠷ ᠲᠠᠰᠤᠭ ᠤᠨ ᠳᠠᠷᠤᠭ᠎ᠠ ᠸᠠᠩ ᠶᠢᠨ ᠵᠤ᠋ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠄ ︽ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠪᠣᠯᠤᠭᠰᠠᠨ ᠤ ᠬᠤᠪᠢ ᠳᠤ᠂ ᠬᠡᠳᠦᠶᠢᠪᠡᠷ ᠥᠪᠡᠷ ᠤᠨ ︿ᠪᠠᠭ᠎ᠠ ᠠᠭᠤᠯᠵᠠᠯᠲᠠ﹀ ᠪᠠᠨ ᠲᠠᠶᠠᠭᠳᠠᠭᠰᠠᠨ ᠪᠣᠯᠪᠠᠴᠤ ᠲᠤᠭ᠎ᠠ ᠲᠣᠮᠰᠢ ᠦᠭᠡᠢ ᠬᠥᠮᠥᠰ ᠤᠨ ︿ᠶᠡᠭᠡ ᠠᠭᠤᠯᠵᠠᠯᠲᠠ﹀ ᠶᠢ ᠰᠣᠯᠢᠵᠤ ᠠᠪᠴᠢᠷᠠᠭᠰᠠᠨ ᠶᠤᠮ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠥᠨ︾ ᠭᠡᠵᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号