ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ ᠰᠢᠨ᠎ᠡ ᠵᠢᠯ ᠤᠨ ᠰᠢᠨ᠎ᠡ ᠠᠶᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/1/29
      1 ᠰᠠᠷ᠎ᠠ ᠶᠢᠨ 28 ᠤ ᠡᠳᠦᠷ ᠪᠣᠯ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠲᠤᠯᠤᠭᠠᠨ᠂ ᠮᠥᠨ ᠴᠦ ᠴᠠᠭᠠᠨ ᠰᠠᠷ᠎ᠠ ᠶᠢᠨ ᠳᠠᠷᠠᠭ᠎ᠠ ᠠᠵᠢᠯᠯᠠᠬᠤ ᠠᠩᠬᠠᠨ ᠤ ᠡᠳᠦᠷ ᠪᠣᠯᠣᠨ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠭᠠᠶᠢᠯᠢ ᠶᠢᠨ ᠶᠠᠪᠤᠳᠠᠯ ᠤᠨ ᠪᠥᠬᠦ ᠺᠠᠳ᠋ᠷᠴᠤᠳ ᠤᠨ ᠢᠯᠠᠯᠲᠠ ᠶᠢᠨ ᠡᠷᠴᠢᠨ ᠳᠡᠭᠡᠷ᠎ᠡ ᠪᠠᠨ ᠴᠢᠷᠮᠠᠶᠢᠨ ᠠᠵᠢᠯᠯᠠᠵᠤ᠂ ᠰᠢᠨ᠎ᠡ ᠨᠢᠭᠡ ᠵᠢᠯ ᠤᠨ ᠡᠯ᠎ᠡ ᠵᠦᠢᠯ ᠤᠨ ᠠᠵᠢᠯ ᠳᠠᠭᠠᠨ ᠪᠥᠬᠦ ᠬᠦᠴᠦᠨ ᠢᠶᠠᠷ ᠢᠶᠠᠨ ᠣᠷᠣᠯᠴᠠᠵᠤ᠂ ᠡᠨᠡ ᠵᠢᠯ ᠤᠨ ᠠᠵᠢᠯ ᠢᠶᠠᠨ ᠰᠠᠶᠢᠨ ᠡᠬᠢᠯᠡᠭᠦᠯᠬᠦ ᠶᠢ ᠦᠨᠡᠨ ᠬᠦ ᠪᠠᠲᠤᠯᠠᠬᠤ ᠶᠢ ᠵᠣᠷᠢᠭᠵᠢᠭᠤᠯᠵᠠᠢ᠃      ᠦᠳᠡ ᠶᠢᠨ ᠡᠮᠦᠨᠡᠬᠢ 8 ᠴᠠᠭ 20 ᠮᠢᠨᠦ᠋ᠲ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠦᠬᠦ ᠺᠠᠳ᠋ᠷᠴᠤᠳ ᠲᠡᠷᠢ ᠲᠡᠭᠰᠢ ᠵᠢᠭᠰᠠᠵᠤ᠂ ᠴᠤᠭ ᠵᠢᠪᠬᠤᠭ᠎ᠠ ᠪᠠᠷ ᠪᠢᠯᠬᠠᠮ᠎ᠠ᠂ ᠰᠦᠷ ᠵᠢᠪᠬᠤᠭ᠎ᠠ ᠲᠠᠢ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠳᠠᠭᠠᠯᠳᠤᠨ᠂ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠪᠦᠬᠦ ᠺᠠᠳ᠋ᠷᠴᠤᠳ ᠲᠥᠪ ᠬᠢᠴᠢᠶᠡᠩᠭᠦᠢ ᠪᠠᠷ᠂ ᠤᠯᠤᠰ ᠤᠨ ᠲᠤᠭ ᠢ ᠰᠢᠷᠳᠡᠨ ᠶᠣᠰᠣᠯᠠᠵᠤ᠂ ᠠᠭᠤᠤ ᠶᠡᠭᠡ ᠡᠬᠡ ᠤᠯᠤᠰ ᠲᠠᠭᠠᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃      ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠰᠢᠨ᠎ᠡ ᠪᠠᠷ ᠰᠢᠯᠭᠠᠨ ᠡᠯᠰᠡᠭᠰᠡᠨ ᠭᠠᠶᠢᠯᠢ ᠶᠢᠨ ᠶᠠᠪᠤᠳᠠᠯ ᠤᠨ ᠺᠠᠳ᠋ᠷ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠰᠢᠨ᠎ᠡ ᠨᠢᠭᠡ ᠵᠢᠯ ᠤᠨ ᠠᠵᠢᠯ ᠤᠨ ᠬᠠᠷᠠᠯᠲᠠ ᠪᠠ ᠲᠥᠯᠥᠪᠯᠡᠭᠡ ᠶᠢ ᠲᠥᠯᠥᠪᠯᠡᠵᠦ᠂ ᠰᠢᠨ᠎ᠡ ᠴᠠᠭ ᠦᠶ᠎ᠡ ᠶᠢᠨ ᠭᠠᠶᠢᠯᠢ ᠶᠢᠨ ᠶᠠᠪᠤᠳᠠᠯ ᠤᠨ ᠺᠠᠳ᠋ᠷ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠦᠬᠦ ᠺᠠᠳ᠋ᠷᠴᠤᠳ ᠲᠤ ᠰᠠᠶᠢᠨ ᠰᠠᠶᠢᠬᠠᠨ ᠴᠠᠭᠠᠨ ᠰᠠᠷ᠎ᠠ ᠶᠢᠨ ᠢᠷᠦᠭᠡᠯ ᠳᠡᠪᠰᠢᠭᠦᠯᠵᠦ᠂ 2022 ᠣᠨ ᠤ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ 2023 ᠣᠨ ᠳᠤ ᠪᠦᠬᠦ ᠺᠠᠳ᠋ᠷᠴᠤᠳ ︽ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ᠂ ᠬᠠᠤᠯᠢ ᠶᠢ ᠡᠷᠬᠢᠮᠯᠡᠨ ᠰᠠᠬᠢᠯᠭ᠎ᠠ ᠪᠠᠲᠤ ᠶᠢ ᠰᠠᠬᠢᠬᠤ᠂ ᠭᠠᠶᠢᠯᠢ ᠶᠢ ᠬᠥᠭᠵᠢᠭᠦᠯᠦᠨ ᠤᠯᠤᠰ ᠢᠶᠠᠨ ᠬᠦᠴᠦᠷᠬᠡᠭᠵᠢᠭᠦᠯᠬᠦ︾ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠭᠠᠶᠢᠯᠢ ᠶᠢᠨ ᠶᠠᠪᠤᠳᠠᠯ ᠤᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠭᠠᠶᠢᠯᠢ ᠶᠢᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号