ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/29
      1 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠠᠯ ᠳᠤ ᠣᠷᠣᠯᠴᠠᠭᠰᠠᠨ ᠪᠥᠭᠡᠳ ᠬᠤᠷᠠᠯ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠵᠤ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠶᠠᠷᠢᠶᠠᠨ ᠤ ᠵᠣᠷᠢᠭ ᠰᠠᠨᠠᠭ᠎ᠠ᠂ ᠪᠦᠬᠦ ᠠᠶᠢᠮᠠᠭ ᠤᠨ ᠨᠢᠭᠡᠳᠦᠭᠡᠷ ᠤᠯᠠᠷᠢᠯ ᠤᠨ︽ᠰᠠᠶᠢᠨ ᠡᠬᠢᠯᠡᠯᠲᠡ︾᠂ ︽ᠡᠭᠦᠳᠡ ᠪᠠᠨ ᠯᠠᠪᠳᠠᠭᠤᠨ ᠨᠡᠭᠡᠭᠡᠬᠦ︾ ᠪᠠ ᠭᠠᠵᠠᠷ ᠰᠢᠷᠣᠢ ᠶᠢᠨ ᠭᠦᠢᠴᠡᠳᠬᠡᠯ ᠲᠤᠭ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠭᠦᠢᠴᠡᠳᠬᠡᠯ ᠲᠤᠭ᠎ᠠ ᠭᠡᠬᠦ ᠬᠤᠶᠠᠷ ᠵᠦᠢᠯ ᠤᠨ ᠠᠷᠠᠯᠵᠢᠶᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ ᠪᠠᠶᠢᠴᠠᠭᠠᠬᠤ ᠶᠢ ᠴᠢᠨᠠᠭᠰᠢᠳᠠ ᠠᠬᠢᠭᠤᠯᠬᠤ ᠲᠤᠬᠠᠢ ᠰᠠᠨᠠᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠳᠠᠮᠵᠢᠭᠤᠯᠪᠠ᠃      ᠰᠦᠨ ᠱᠤ᠋ ᠲᠤᠤ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠰᠢᠪᠲᠤᠯᠬᠤ ᠪᠣᠯ ᠡᠯ᠎ᠡ ᠵᠦᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ︽ᠡᠭᠦᠳᠡ ᠪᠠᠨ ᠨᠡᠭᠡᠭᠡᠬᠦ︾  ︽ᠰᠠᠶᠢᠨ ᠡᠬᠢᠯᠡᠯᠲᠡ︾ ᠶᠢ ᠪᠠᠲᠤᠯᠠᠵᠤ᠂ ᠠᠵᠤ ᠠᠬᠤᠶᠢᠯᠠᠯ ᠤᠨ︽ᠳᠦᠷᠢᠮ ᠲᠣᠭᠲᠠᠭᠠᠯ ᠢ ᠳᠡᠪᠰᠢᠭᠦᠯᠵᠦ ᠨᠢᠭᠡᠳᠦᠯᠲᠡᠢ ᠪᠣᠯᠭᠠᠬᠤ︾ ᠶᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠷᠥᠯ ᠵᠦᠢᠯ᠂ ᠲᠥᠷᠥᠯ ᠵᠦᠢᠯ ᠤᠨ ᠭᠠᠷᠳᠠᠮ ᠢ ᠡᠮᠬᠢᠯᠡᠨ ᠳᠢᠭᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠲᠡᠭᠦᠯᠳᠡᠷᠵᠢᠭᠦᠯᠦᠨ᠂ ᠠᠵᠢᠯ ᠡᠬᠢᠯᠡᠭᠦᠯᠬᠦ ᠨᠥᠬᠦᠴᠡᠯ ᠢ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠵᠤ᠂ ᠡᠭᠦᠨ ᠢ ᠠᠵᠢᠯ ᠤᠨ ᠭᠤᠣᠯᠳᠠᠯᠭ᠎ᠠ ᠪᠣᠯᠭᠠᠵᠤ᠂ ᠢᠯᠠᠩᠭᠤᠶ᠎ᠠ ︽ᠴᠡᠪᠡᠷ ᠡᠨᠧᠷᠭᠢ ᠶᠢᠨ ᠪᠦᠰᠡ ᠶᠢᠨ ᠠᠵᠤ ᠦᠢᠯᠡᠰ︾ ᠤᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠪᠣᠬᠢᠷᠳᠤᠯ ᠦᠭᠡᠢ ᠴᠠᠬᠢᠯᠭᠠᠨ ᠢ ᠰᠢᠩᠭᠡᠬᠡᠨ ᠠᠪᠬᠤ ᠬᠦᠷᠢᠶᠡᠨ ᠳᠠᠬᠢ ᠠᠵᠤ ᠠᠬᠤᠶᠢᠯᠠᠯ ᠲᠠᠢ ᠬᠠᠮᠲᠤᠷᠠᠯᠴᠠᠬᠤ ᠰᠠᠨᠠᠮᠵᠢ ᠲᠠᠢ ᠪᠣᠯᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠴᠠᠭᠠᠨ ᠰᠠᠷ᠎ᠠ ᠶᠢᠨ ︽  ᠠᠮᠠᠷᠠᠯᠲᠠ ᠶᠢᠨ ᠬᠤᠭᠤᠴᠠᠭ᠎ᠠ︾ ᠶᠢ ᠠᠰᠢᠭᠯᠠᠨ ᠡᠰᠢ ᠰᠦᠷᠡᠯ ᠢ ᠰᠢᠢᠳᠪᠦᠷᠢᠯᠡᠬᠦ ᠠᠵᠢᠯ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠮᠠᠯ ᠤᠨ ᠡᠪᠦᠯ ᠬᠠᠪᠤᠷ ᠢ ᠥᠩᠭᠡᠷᠡᠭᠡᠬᠦ᠂ ᠪᠣᠷᠳᠤᠭ᠎ᠠ ᠨᠥᠭᠡᠴᠡᠯᠡᠬᠦ᠂ ᠲᠥᠯ ᠲᠤᠰᠴᠤ ᠪᠣᠶᠢᠵᠢᠭᠤᠯᠬᠤ ᠪᠠ ᠠᠷᠠᠴᠢᠯᠠᠨ ᠲᠡᠵᠢᠭᠡᠬᠦ ᠵᠡᠷᠭᠡ ᠰᠠᠭᠤᠷᠢ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠢᠨ ᠡᠳ᠋ ᠪᠣᠳᠠᠰ ᠡᠮ ᠤᠨ ᠵᠦᠢᠯᠡᠰ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ ᠱᠠᠯᠠᠪᠳᠠᠭᠤᠯᠤᠨ ᠪᠠᠶᠢᠴᠠᠭᠠᠬᠤ ᠬᠥᠲᠥᠯᠪᠦᠷᠢ ᠶᠣᠰᠣᠭᠠᠷ ᠬᠡᠰᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ︽ᠭᠤᠷᠪᠠᠨ ᠳᠡᠪᠲᠡᠷ ᠤᠨ ᠨᠠᠷᠢᠨ ᠲᠠᠩᠰᠠ︾ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠠᠶᠢᠮᠠᠭ ᠤᠨ ᠱᠠᠲᠤᠨ ᠤ ᠱᠠᠭᠠᠷᠳᠠᠯᠭ᠎ᠠ ᠶᠣᠰᠣᠭᠠᠷ ᠦᠷᠭᠦᠯᠵᠢᠯᠡᠨ ᠭᠤᠣᠯᠳᠠᠯᠭ᠎ᠠ ᠲᠠᠢ᠂ ᠬᠦᠴᠢᠷᠲᠡᠢ᠂ ᠬᠢᠯᠠᠰ ᠴᠡᠭ ᠲᠠᠢ ᠠᠵᠢᠯ ᠢ ᠤᠯᠠᠷᠢᠯ ᠢᠶᠠᠷ ᠲᠣᠬᠢᠷᠠᠭᠤᠯᠵᠤ᠂ ︽ᠭᠤᠷᠪᠠᠨ ᠳᠡᠪᠲᠡᠷ ᠤᠨ ᠨᠠᠷᠢᠨ ᠲᠠᠩᠰᠠ︾ ᠶᠢᠨ ᠲᠥᠯᠥᠭᠡᠯᠡᠬᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠲᠦᠷᠦᠯ ᠵᠦᠢᠯ ᠢ ᠤᠷᠢᠳᠴᠢᠯᠠᠨ ᠬᠢᠨᠠᠨ ᠲᠣᠭᠲᠠᠭᠠᠬᠤ᠂ ᠤᠷᠢᠳᠴᠢᠯᠠᠨ ᠵᠢᠱᠢᠵᠦ ᠬᠢᠨᠠᠨ ᠲᠣᠭᠲᠠᠭᠠᠬᠤ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢ ᠰᠢᠶᠠᠩ ᠪᠠᠯᠭᠠᠰᠤᠨ ᠳᠤ ᠪᠠᠭᠤᠯᠭᠠᠵᠤ᠂ ᠡᠯ᠎ᠡ ᠰᠠᠯᠠᠭ᠎ᠠ ᠮᠥᠴᠢᠷ ᠤᠨ ᠢᠳᠡᠪᠬᠢᠵᠢᠯ ᠢ ᠪᠠᠳᠠᠷᠠᠭᠤᠯᠬᠤ ᠶᠢᠨ ᠬᠠᠮᠲᠤ ᠲᠦᠷᠦᠯ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠨᠡᠶᠢᠭᠡᠮ ᠤᠨ ᠣᠷᠴᠢᠨ ᠲᠣᠭᠤᠷᠢᠨ ᠢ ᠲᠣᠭᠲᠠᠪᠤᠷᠢᠵᠢᠭᠤᠯᠤᠨ᠂ ᠡᠯ᠎ᠡ ᠰᠢᠶᠠᠩ ᠪᠠᠯᠭᠠᠰᠤ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠵᠠᠭᠤᠴᠢᠯᠠᠭᠤᠷ ᠤᠨ ᠤᠬᠠᠭᠤᠯᠭ᠎ᠠ ᠮᠡᠳᠡᠭᠡᠯᠡᠯ ᠢᠶᠠᠷ ᠳᠠᠮᠵᠢᠭᠤᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠭᠦᠨ ᠤ ᠬᠠᠮᠲᠤ᠂ ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠪᠠ ᠥᠷᠢ ᠰᠢᠷᠢ ᠶᠢ ᠪᠦᠬᠦᠨ ᠢ ᠴᠡᠪᠡᠷᠯᠡᠨ ᠠᠷᠢᠯᠭᠠᠬᠤ ᠵᠡᠷᠭᠡ  ᠡᠮᠦᠨᠡᠲᠦ ᠬᠤᠰᠢᠭᠤᠨ ᠤ ᠣᠨᠴᠠᠯᠢᠭᠲᠤ ᠠᠵᠢᠯ ᠢ ᠭᠤᠣᠯᠳᠠᠯᠭ᠎ᠠ ᠪᠣᠯᠭᠠᠨ ᠦᠷᠭᠦᠯᠵᠢᠯᠡᠨ ᠠᠬᠢᠭᠤᠯᠵᠤ  ᠨᠠᠶᠢᠳᠠᠪᠤᠷᠢᠵᠢᠭᠤᠯᠬᠤ ᠬᠡᠷᠡᠭᠲᠡᠢ ᠭᠡᠪᠡ ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号