ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠣᠯ ᠭᠤᠣᠯᠳᠠᠯᠭ᠎ᠠ ᠪᠣᠯᠣᠨ᠎ᠠ᠃ | ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠯᠠᠰᠢᠨ ᠦᠬᠡᠷ ᠤᠨ ᠠᠵᠤ | ᠦᠢᠯᠡᠰ ᠢ ᠲᠡᠳᠬᠦᠨ ᠳᠡᠮᠵᠢᠬᠦ ᠶᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠮᠠᠶ᠋ᠢᠭ | ᠪᠣᠯᠭᠠᠵᠤ᠂ ᠠᠯᠠᠰᠢᠨ ᠦᠬᠡᠷ ᠤᠨ ᠶᠡᠷᠦᠩᠬᠡᠢ ᠬᠡᠮᠵᠢᠶ᠎ᠡ ᠶᠢᠨ ᠬᠥᠭᠵᠢᠯᠲᠡ ᠪᠠ ᠡᠭᠦᠯᠳᠡᠷ ᠤᠨ ᠢᠷᠡᠯᠲᠡ ᠶᠢᠨ ᠶᠠᠰᠤ | ᠴᠢᠨᠠᠷ ᠤᠨ ᠳᠡᠭᠡᠭᠰᠢᠯᠡᠯᠲᠡ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠪᠡᠶᠡᠯᠡᠭᠦᠯᠵᠦ᠂ ᠠᠯᠠᠰᠢᠨ | ᠦᠬᠡᠷ ᠤᠨ ᠠᠵᠤ ᠦᠢᠯᠡᠰ ᠢ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︽ᠰᠢᠨ᠎ᠡ | ᠬᠥᠳᠡᠯᠭᠡᠭᠦᠷ︾ ᠪᠣᠯᠭᠠᠭᠰᠠᠨ ᠪᠠᠶᠢᠨ᠎ᠠ᠃ | ᠡᠨᠡ ᠠᠷᠪᠠᠨ ᠵᠢᠯ ᠳᠤ᠂ ᠭᠦᠢᠯᠡᠷ ᠪᠠᠯᠭᠠᠰᠤᠨ ᠤ ᠤᠯᠠᠭᠠᠨ ᠭᠠᠴᠠᠭᠠᠨ ᠤ 400 ᠲᠠᠷᠢᠶᠠᠴᠢᠨ ᠡᠷᠦᠬᠡ ᠶᠢᠨ | 360 ᠡᠷᠦᠬᠡ ᠨᠢ ᠠᠯᠠᠰᠢᠨ ᠦᠬᠡᠷ ᠲᠡᠵᠢᠭᠡᠨ ᠦᠷᠡᠵᠢᠭᠦᠯᠵᠦ ᠣᠷᠣᠯᠭ᠎ᠠ ᠪᠠᠨ ᠨᠡᠮᠡᠭᠳᠡᠭᠦᠯᠵᠡᠢ᠃ ᠲᠣᠰᠬᠤᠨ ᠤ | ᠠᠷᠠᠳ ᠭᠤᠤ ᠴᠥᠩ ᠱᠧᠩ ᠦᠬᠡᠷ ᠲᠡᠵᠢᠭᠡᠬᠦ ᠠᠴᠠ ᠡᠬᠢᠯᠡᠨ᠂ ᠭᠡᠷ ᠲᠡᠭᠡᠨ ᠡᠪᠡᠰᠦ ᠬᠠᠳᠤᠬᠤ ᠮᠠᠰᠢᠨ᠂ | ᠰᠠᠭᠤᠳᠠᠯ ᠤᠨ ᠮᠠᠰᠢᠨ ᠨᠡᠮᠡᠵᠦ᠂ ᠪᠠᠰᠠ ᠰᠢᠨ᠎ᠡ ᠭᠡᠷ ᠪᠠᠷᠢᠵᠤ᠂ ᠵᠢᠯ ᠤᠨ ᠣᠷᠣᠯᠭ᠎ᠠ ᠨᠢ ᠬᠡᠳᠦᠨ ᠲᠦᠮᠡᠨ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 40 ᠭᠠᠷᠤᠢ ᠲᠦᠮᠡᠨ ᠲᠥᠭᠦᠷᠢᠭ ᠪᠣᠯᠵᠠᠢ᠃ | ᠴᠠᠷᠰᠤᠨ ᠪᠠᠯᠭᠠᠰᠤᠨ ᠤ ᠪᠠᠶᠠᠨᠵᠢᠯᠠᠭ᠎ᠠ ᠭᠠᠴᠠᠭ᠎ᠠ ᠶᠢᠨ ᠪᠥᠬᠦ ᠲᠣᠰᠬᠤᠨ ᠤ 350 ᠡᠷᠦᠬᠡ ᠶᠢᠨ 75% ᠠᠴᠠ | ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠵᠦ᠂ 2240 ᠲᠦᠮᠡᠨ ᠲᠥᠭᠦᠷᠢᠭ ᠤᠨ ᠥᠷᠲᠡᠭ ᠪᠦᠬᠦᠢ | ᠰᠠᠭᠤᠷᠢ ᠡᠬᠡ ᠮᠠᠯ ᠤᠨ ᠲᠤᠭ᠎ᠠ ᠨᠢ 1400 ᠪᠠᠶᠢᠨ᠎ᠠ᠃ ᠵᠢᠯ ᠳᠤ 700 ᠭᠠᠷᠤᠢ ᠲᠤᠭᠤᠯᠯᠠᠵᠤ᠂ 560 ᠲᠦᠮᠡᠨ | ᠲᠥᠭᠦᠷᠢᠭ ᠤᠨ ᠦᠢᠯᠡᠳᠬᠦᠨ ᠤ ᠥᠷᠲᠡᠭ ᠲᠠᠢ᠃ ᠪᠠᠶᠠᠨᠵᠢᠯᠠᠭ᠎ᠠ ᠭᠠᠴᠠᠭ᠎ᠠ ᠶᠢᠨ ᠠᠯᠠᠰᠢᠨ ᠦᠬᠡᠷ ᠤᠨ ᠠᠵᠤ | ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠵᠡᠷᠭᠡ ᠳᠤ ᠪᠠᠰᠠ ᠵᠧᠨ ᠰᠢᠩ ᠭᠠᠴᠠᠭ᠎ᠠ᠂ ᠱᠦᠢ ᠴᠢᠤᠸᠠᠨ | ᠭᠠᠴᠠᠭ᠎ᠠ᠂ ᠶᠦᠩ ᠰᠢᠩ ᠭᠠᠴᠠᠭ᠎ᠠ ᠵᠡᠷᠭᠡ 6 ᠭᠠᠴᠠᠭ᠎ᠠ ᠲᠣᠰᠬᠤᠨ ᠤ ᠠᠯᠠᠰᠢᠨ ᠦᠬᠡᠷ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠵᠤ᠂ ︽ᠨᠢᠭᠡ ᠲᠣᠰᠬᠤᠨ ᠢᠶᠠᠷ ᠣᠯᠠᠨ ᠲᠣᠰᠬᠤᠨ ᠢ ᠳᠠᠶᠢᠴᠢᠯᠠᠬᠤ︾ | ᠬᠥᠭᠵᠢᠯᠲᠡ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠠ ᠠᠵᠤ ᠠᠬᠤᠢ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ︽ᠬᠠᠮᠲᠤ ᠪᠠᠷ ᠠᠰᠢᠭ ᠭᠥᠷᠳᠡᠬᠦ ᠬᠥᠭᠵᠢᠯᠲᠡ︾ ᠶᠢ ᠪᠡᠶᠡᠯᠡᠭᠦᠯᠪᠡ᠃ | ᠴᠠᠷᠰᠤᠨ ᠪᠠᠯᠭᠠᠰᠤᠨ ᠤ ᠱᠦᠢ ᠴᠢᠤᠸᠠᠨ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠶᠢᠨ ᠲᠢᠶ᠋ᠧ ᠵᠤ᠋ ᠪᠣᠯᠣᠨ | ᠪᠠᠶᠠᠨᠵᠢᠯᠠᠭ᠎ᠠ ᠭᠠᠴᠠᠭ᠎ᠠ ᠠᠴᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠰᠤᠷᠤᠭᠰᠠᠨ ᠤ ᠳᠠᠷᠠᠭ᠎ᠠ | ᠣᠷᠣᠯᠭ᠎ᠠ ᠨᠢ ᠳᠠᠬᠢᠨ ᠢᠶᠠᠷ ᠨᠡᠮᠡᠭᠳᠡᠵᠦ᠂ ᠵᠢᠵᠢᠭ ᠮᠠᠰᠢᠨ ᠲᠡᠷᠭᠡ ᠬᠤᠳᠠᠯᠳᠤᠨ ᠠᠪᠴᠤ᠂ ᠲᠣᠮᠣ ᠭᠡᠷ ᠪᠠᠶᠢᠰᠢᠩ | ᠪᠠᠷᠢᠵᠠᠢ᠂ ᠶᠢᠨ ᠲᠢᠶ᠋ᠧ ᠵᠤ᠋ ᠡᠭᠦᠨ ᠢ ᠲᠡᠷᠡ ᠶᠡᠷᠦ ᠠᠴᠠ ᠪᠤᠳᠤᠬᠤ ᠠᠴᠠ ᠪᠠᠨ ᠵᠢᠷᠦᠬᠡᠰᠢᠶᠡᠵᠦ ᠪᠠᠶᠢᠵᠠᠢ ᠭᠡᠵᠦ | ᠰᠡᠭᠦᠷᠡᠰᠦ ᠠᠯᠲᠠᠨ ᠬᠡᠯᠡᠵᠡᠢ᠃ | ᠡᠨᠡ ᠠᠷᠪᠠᠨ ᠵᠢᠯ ᠳᠤ᠂ ᠲᠡᠪᠰᠡᠭ ᠪᠠᠯᠭᠠᠰᠤᠨ ᠤ 24 ᠭᠠᠴᠠᠭ᠎ᠠ ᠲᠣᠰᠬᠤᠨ ᠤ 3600 ᠭᠠᠷᠤᠢ ᠲᠠᠷᠢᠶᠠᠴᠢᠨ | ᠡᠷᠦᠬᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠵᠦ᠂ ᠪᠥᠬᠦ ᠪᠠᠯᠭᠠᠰᠤᠨ ᠤ | ᠪᠥᠬᠦ ᠡᠷᠦᠬᠡ ᠶᠢᠨ ᠲᠣᠭᠠᠨ ᠤ 60% ᠠᠴᠠ ᠳᠡᠭᠡᠭᠰᠢᠬᠢ ᠶᠢ ᠡᠵᠡᠯᠡᠵᠦ᠂ ᠠᠯᠠᠰᠢᠨ ᠦᠬᠡᠷ 3 ᠲᠦᠮᠡ ᠭᠠᠷᠤᠢ | ᠪᠠᠶᠢᠵᠤ᠂ ᠥᠷᠲᠡᠭ ᠨᠢ 5 ᠳ᠋ᠦᠩᠰᠢᠭᠤᠷ ᠭᠠᠷᠤᠢ ᠲᠥᠭᠦᠷᠢᠭ ᠲᠤ ᠬᠦᠷᠴᠡᠢ᠃2022 ᠣᠨ ᠳᠤ ᠮᠥᠨ᠂ ᠪᠦᠬᠦ | ᠪᠠᠯᠭᠠᠰᠤ ᠪᠠᠷ ᠢᠶᠠᠨ 5000 ᠭᠠᠷᠤᠢ ᠲᠤᠭᠤᠯ ᠢ ᠰᠢᠨ᠎ᠡ ᠪᠠᠷ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠳᠤ | ᠳᠤᠮᠳᠠᠴᠢ ᠪᠠᠷ 1.4 ᠲᠤᠭᠤᠯ ᠢ ᠰᠢᠨ᠎ᠡ ᠪᠠᠷ ᠨᠡᠮᠡᠭᠳᠡᠭᠦᠯᠵᠡᠢ᠃ ᠲᠡᠪᠰᠡᠭ ᠪᠠᠯᠭᠠᠰᠤ ᠶᠢᠨ ᠠᠷᠤ ᠤᠢ ᠶᠢᠨ ᠢ ᠾᠧ | ᠭᠠᠴᠠᠭ᠎ᠠ ᠶᠢᠨ ᠮᠠᠯᠴᠢᠨ ᠰᠢᠶᠣᠣ ᠰᠢᠶᠣᠣ ᠫᠣᠩ ᠤᠯᠠᠨ ᠵᠢᠯ ᠤᠨ ᠦᠬᠡᠷ ᠲᠡᠵᠢᠭᠡᠭᠰᠡᠨ ᠲᠤᠷᠰᠢᠯᠭ᠎ᠠ ᠪᠠᠷ ᠢᠶᠠᠨ | ᠴᠢᠳᠠᠪᠤᠷᠢᠲᠠᠨ ᠢ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠪᠠᠷ ᠳᠠᠮᠵᠢᠨ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠰᠢᠯᠢᠳᠡᠭ ᠰᠠᠭᠤᠷᠢ ᠡᠬᠡ ᠮᠠᠯ | ᠬᠠᠩᠭᠠᠵᠤ᠂ ᠦᠬᠡᠷ ᠨᠢᠭᠡᠪᠦᠷᠢ ᠨᠢ ᠲᠡᠵᠢᠭᠡᠨ ᠦᠷᠡᠵᠢᠭᠦᠯᠬᠦ ᠡᠷᠦᠬᠡ ᠳᠤ 15% ᠤᠨ ᠠᠰᠢᠭ ᠣᠷᠣᠯᠭ᠎ᠠ ᠶᠢ | ᠨᠡᠮᠡᠭᠳᠡᠭᠦᠯᠵᠡᠢ᠃ | ᠡᠨᠡ ᠠᠷᠪᠠᠨ ᠵᠢᠯ ᠳᠤ᠂ ᠲᠤᠬᠤᠮ ᠰᠤᠮᠤ ᠶᠢᠨ 161 ᠲᠦᠮᠡᠨ ᠮᠦ ᠪᠠᠶᠢᠭᠠᠯᠢ ᠶᠢᠨ ᠬᠠᠳᠤᠯᠠᠩ ᠪᠡᠯᠴᠢᠭᠡᠷ | ᠪᠣᠯᠣᠨ 18 ᠲᠦᠮᠡᠨ ᠦᠬᠡᠷ ᠬᠤᠨᠢ ᠶᠢ ᠠᠰᠢᠭᠯᠠᠨ ᠤᠯᠤᠰ ᠤᠨ ᠣᠷᠭᠠᠨᠢᠭ ᠰᠣᠯᠢᠭᠳᠠᠯ ᠤᠨ ᠭᠡᠷᠡᠴᠢᠯᠡᠯ ᠢ ᠣᠯᠵᠤ᠂ | ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠦᠷᠦᠯ ᠲᠡᠮᠳᠡᠭ ᠤᠨ ᠦᠢᠯᠡᠳᠦᠯ | ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠮᠠᠯᠴᠢᠳ ᠤᠨ ᠣᠷᠣᠯᠭ᠎ᠠ ᠶᠢ ᠴᠤ | ᠨᠡᠮᠡᠭᠳᠡᠭᠦᠯᠦᠭᠰᠡᠨ ᠪᠠᠶᠢᠨ᠎ᠠ᠃ ᠡᠨᠡ ᠨᠢ ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠲᠦᠷᠦᠯ ᠲᠡᠮᠳᠡᠭ ᠤᠨ ᠦᠢᠯᠡᠳᠦᠯ ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ | ᠪᠠᠷᠠᠬᠤ ᠦᠭᠡᠢ ᠪᠠᠰᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ | ᠲᠣᠬᠤᠮ ᠰᠤᠮᠤ ᠶᠢᠨ ᠤᠰᠤᠨ ᠡᠬᠢ ᠭᠠᠴᠠᠭ᠎ᠠ ᠶᠢᠨ ᠮᠠᠯᠴᠢᠳ ᠤᠨ ᠰᠤ᠋ ᠳ᠋ᠣᠣ ᠰᠠᠶᠢᠨ ᠲᠦᠷᠦ ᠶᠢᠨ | ᠪᠣᠳᠣᠯᠭ᠎ᠠ ᠶᠢ ᠠᠰᠢᠭᠯᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢᠨ ᠬᠠᠮᠲᠤ ᠪᠠᠰᠠ ᠮᠠᠯ ᠠᠵᠤ ᠠᠬᠤᠢ | ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠪᠠᠶᠠᠵᠢᠯ ᠤᠨ ᠵᠠᠮ ᠢᠶᠠᠷ ᠵᠠᠮᠨᠠᠵᠠᠢ᠃ ᠰᠤ᠋ ᠳ᠋ᠣᠣ ᠪᠢᠴᠢᠭᠴᠢ ᠳᠤ | ᠬᠡᠯᠡᠬᠦ ᠳᠡᠭᠡᠨ᠂ ᠥᠩᠭᠡᠷᠡᠭᠰᠡᠨ ᠳᠤ ᠣᠯᠠᠨ ᠢᠶᠠᠷ ᠢᠶᠠᠨ ᠦᠬᠡᠷ ᠬᠤᠨᠢ ᠶᠢ ᠬᠡᠳᠦᠢ ᠠᠷᠪᠢᠨ ᠲᠡᠵᠢᠭᠡᠪᠡᠯ ᠣᠷᠣᠯᠭ᠎ᠠ ᠨᠢ | ᠲᠡᠳᠦᠢ ᠠᠷᠪᠢᠨ ᠪᠣᠯᠣᠨ᠎ᠠ ᠭᠡᠵᠦ ᠦᠵᠡᠵᠦ ᠪᠠᠶᠢᠪᠠ᠂ ᠰᠡᠭᠦᠯᠡᠷ ᠨᠢ ᠪᠡᠯᠴᠢᠭᠡᠷ ᠤᠨ ᠳᠠᠭᠠᠭᠠᠴᠠ ᠬᠢᠵᠠᠭᠠᠷ ᠲᠠᠢ | ᠪᠠᠶᠢᠵᠤ᠂ ᠪᠡᠯᠴᠢᠭᠡᠷ ᠡᠪᠡᠰᠦᠨ ᠤ ᠶᠠᠰᠤ ᠴᠢᠨᠠᠷ ᠢᠯᠡᠳᠲᠡ ᠪᠠᠭᠤᠷᠠᠵᠤ᠂ ᠣᠷᠣᠯᠭ᠎ᠠ ᠨᠢ ᠳᠡᠭᠡᠭᠰᠢᠯᠡᠬᠦ ᠦᠭᠡᠢ | ᠮᠥᠷᠲᠡᠭᠡᠨ ᠭᠡᠳᠡᠷᠭᠦ ᠪᠠᠨ ᠪᠠᠭᠤᠷᠠᠬᠤ ᠶᠢ ᠣᠯᠵᠤ ᠮᠠᠲᠠᠵᠠᠢ ᠭᠡᠵᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠨᠤᠲᠤᠭ ᠪᠡᠯᠴᠢᠭᠡᠷ ᠤᠨ ᠣᠷᠴᠢᠨ ᠲᠣᠭᠤᠷᠢᠨ ᠶᠠᠪᠤᠬᠤ | ᠲᠤᠲᠤᠮ ᠰᠠᠶᠢᠵᠢᠷᠠᠵᠤ᠂ ᠡᠪᠡᠰᠦ ᠪᠡᠯᠴᠢᠭᠡᠷ ᠤᠨ ᠶᠠᠰᠤ ᠴᠢᠨᠠᠷ ᠳᠡᠭᠡᠭᠰᠢᠯᠡᠨ᠂ ᠦᠬᠡᠷ ᠬᠤᠨᠢᠨ ᠤ ᠶᠠᠰᠤ ᠴᠢᠨᠠᠷ ᠴᠤ | ᠳᠠᠭᠠᠯᠳᠤᠨ ᠳᠡᠭᠡᠭᠰᠢᠯᠡᠪᠡ᠃ ᠡᠭᠦᠨ ᠤ ᠵᠡᠷᠭᠡ ᠳᠤ ᠲᠠᠯ᠎ᠠ ᠨᠤᠲᠤᠭ ᠤᠨ ᠭᠤᠶᠣ ᠦᠵᠡᠮᠵᠢ ᠴᠦ ᠦᠢ ᠣᠯᠠᠨ | ᠵᠤᠭᠠᠴᠠᠭᠰᠠᠳ ᠤᠨ ᠠᠩᠬᠠᠷᠤᠯ ᠢ ᠲᠠᠲᠠᠵᠤ᠂ ᠮᠠᠯᠴᠢᠳ ᠲᠠᠯ᠎ᠠ ᠨᠤᠲᠤᠭ ᠤᠨ ᠵᠢᠭᠤᠯᠴᠢᠯᠠᠯ ᠳᠤ ᠲᠦᠰᠢᠭᠯᠡᠨ | ᠣᠷᠣᠯᠭ᠎ᠠ ᠪᠠᠨ ᠨᠡᠮᠡᠭᠳᠡᠭᠦᠯᠵᠡᠢ ᠭᠡᠵᠡᠢ᠃ | ᠠᠷᠪᠠᠨ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠯᠠᠰᠢᠨ | ᠦᠬᠡᠷ ᠤᠨ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠯᠠᠰᠢᠨ | ᠦᠬᠡᠷ ᠤᠨ ᠠᠵᠤ ᠦᠢᠯᠡᠰ ᠢ ᠡᠮᠦᠨᠡᠲᠦ ᠬᠤᠰᠢᠭᠤᠨ ᠤ 90% ᠠᠴᠠ ᠳᠡᠭᠡᠭᠰᠢᠬᠢ ᠭᠠᠴᠠᠭ᠎ᠠ ᠲᠣᠰᠬᠤᠨ ᠢ | ᠬᠠᠮᠤᠷᠴᠤ᠂ ᠠᠯᠠᠰᠢᠨ ᠦᠬᠡᠷ ᠤᠨ ᠲᠤᠭ᠎ᠠ ᠨᠢ 22 ᠲᠦᠮᠡ ᠳᠤ ᠬᠦᠷᠴᠦ᠂ ᠰᠠᠶᠢᠨ ᠡᠭᠦᠯᠳᠡᠷ ᠤᠨ ᠬᠢᠮᠢ ᠶᠢᠨ | ᠬᠤᠪᠢ ᠶᠢᠨ ᠵᠢᠩ ᠨᠢ 81.6% ᠳᠤ ᠬᠦᠷᠴᠦ᠂ ᠵᠢᠯ ᠳᠤ 50 ᠲᠦᠮᠡᠨ ᠠᠮᠢᠳᠤ ᠮᠠᠯ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ 8400 ᠪᠣᠯᠵᠤ᠂ | ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃ | | | |