ᠰᠦ ᠶᠢᠨ ᠦᠢᠯᠡᠰ ᠤᠨ ᠬᠥᠭᠵᠢᠯᠲᠡ ᠤᠯᠠᠮ ᠲᠦᠷᠭᠡᠰᠪᠡ︕ ᠬᠢᠩᠭᠠᠨ ᠠᠶᠢᠮᠠᠭ ᠤᠨ ᠢᠯᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠦᠷᠦᠭᠦᠸ ᠪᠦᠯᠦᠭ ᠦᠢᠯᠡᠳᠪᠦᠷᠢᠯᠡᠯ ᠤᠨ ᠱᠤᠭᠤᠮ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/1/30
      2022 ᠤᠨ ᠤ11 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠬᠢᠩᠭᠠᠨ ᠢᠯᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠩᠭᠡᠨ ᠲᠤᠯᠤᠪᠲᠤ ᠰᠦ ᠶᠢᠨ ᠠᠵᠢᠯ ᠲᠥᠷᠥᠯ ᠳᠤ ᠬᠠᠨᠳᠤᠭᠤᠯᠤᠭᠰᠠᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠬᠡᠷᠡᠭᠯᠡᠭᠡᠨ ᠤ ᠣᠶᠤᠨᠴᠢ ᠦᠶᠯᠡᠳᠬᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠵᠦᠢᠯᠡᠰ ᠤᠨ ᠨᠢᠭᠡᠳᠦᠭᠡᠷ ᠬᠤᠭᠤᠴᠠᠭᠠᠨ ᠤ ᠲᠦᠷᠦᠭᠦᠸ ᠪᠦᠯᠦᠭ ᠤᠨ 4 ᠦᠢᠯᠡᠳᠪᠦᠷᠢᠯᠡᠯ ᠤᠨ ᠱᠤᠭᠤᠮ ᠵᠢᠩᠬᠢᠨᠢ ᠪᠠᠷ ᠠᠰᠢᠭᠯᠠᠯᠲᠠ ᠳᠤ ᠣᠷᠣᠪᠠ᠃      ᠬᠢᠩᠭᠠᠨ ᠤ ᠢᠯᠢ ᠰᠦ ᠶᠢᠨ ᠦᠢᠯᠡᠰ ᠤᠨ ᠴᠢᠳᠬᠤᠬᠤ ᠲᠠᠰᠤᠭ ᠲᠤ᠂ ᠶᠠᠭᠠᠷᠠᠯᠲᠠᠢ ᠡᠮᠬᠢ ᠳᠢᠭᠯᠢᠮ ᠲᠠᠢ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠦᠢᠯᠡᠳᠪᠦᠷᠢ ᠶᠢᠨ ᠲᠠᠰᠤᠭ ᠤᠨ ᠠᠵᠢᠯᠴᠢᠳ ᠶᠠᠭ ᠶᠢᠨ ᠳ᠋ᠢᠶᠠᠨ ᠴᠤᠯ ᠦᠨᠢᠶᠡᠨ ᠰᠦ ᠶᠢ ᠪᠣᠯᠪᠠᠰᠤᠷᠠᠭᠤᠯᠬᠤ ᠤᠷ᠎ᠠ ᠮᠡᠷᠭᠡᠵᠢᠯ ᠵᠢᠴᠢ ᠠᠯᠬᠤᠮ ᠳᠠᠷᠠᠭ᠎ᠠ ᠪᠠᠷ ᠡᠯ᠎ᠡ ᠭᠤᠭᠴᠤᠭ᠎ᠠ ᠳᠤ ᠦᠢᠯᠡᠳᠪᠦᠷᠢᠯᠡᠯ ᠤᠨ ᠠᠵᠢᠯᠯᠠᠭ᠎ᠠ ᠬᠢᠵᠦ ᠪᠤᠢ᠃ ︽ᠪᠣᠬᠢᠷᠳᠤᠯ ᠦᠭᠡᠢ ᠣᠶᠤᠨᠴᠢ︾ ᠦᠢᠯᠡᠳᠪᠦᠷᠢᠯᠡᠯ ᠤᠨ ᠶᠠᠪᠤᠴᠠ ᠂ ᠰᠢᠨ᠎ᠡ ᠶᠢ ᠡᠭᠦᠳᠬᠦ᠂ ᠲᠣᠭᠠᠴᠢᠯᠠᠭᠰᠠᠨ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠳᠡ ᠬᠡᠷᠡᠭᠯᠡᠵᠦ᠂ ᠪᠠᠺᠲ᠋ᠧᠷᠢ ᠦᠭᠡᠢ ᠪᠠᠷ ᠰᠢᠢᠳᠪᠦᠷᠢᠯᠡᠬᠦ᠂ ᠪᠠᠺᠲ᠋ᠧᠷᠢ ᠦᠭᠡᠢ ᠪᠠᠷ ᠰᠠᠪᠠᠯᠠᠬᠤ᠂ ᠰᠡᠭᠦᠯᠴᠢ ᠶᠢᠨ ᠬᠡᠰᠡᠭ ᠲᠤ ᠪᠣᠭᠤᠳᠠᠯᠯᠠᠬᠤ ᠵᠡᠷᠭᠡ ᠭᠤᠭᠴᠤᠭ᠎ᠠ ᠪᠠᠷ ᠳᠡᠮᠵᠢᠨ᠂ ᠦᠢᠯᠡᠳᠪᠦᠷᠢᠯᠡᠯ ᠤᠨ ᠱᠤᠭᠤᠮ ᠳᠡᠭᠡᠷᠡᠬᠢ ᠨᠢᠭᠡ ᠬᠠᠶᠢᠷᠴᠠᠭ ᠢᠯᠢ ᠰᠦ ᠶᠢᠨ ᠶᠢᠨ ᠳ᠋ᠢᠶᠠᠨ ᠴᠡᠪᠡᠷ ᠦᠨᠢᠶᠡᠨ  ᠰᠦ ᠶᠢ ᠦᠢᠯᠡᠳᠪᠦᠷᠢᠯᠡᠵᠦ ᠭᠠᠷᠭᠠᠭᠰᠠᠨ ᠪᠠᠶᠢᠨ᠎ᠠ᠃     ᠥᠪᠥᠷ ᠮᠣᠩᠭᠤᠯ ᠤᠨ ᠬᠢᠩᠭᠠᠨ ᠢᠯᠢ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠹᠦ᠋ ᠰᠧᠨ  ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠲᠦᠷᠦᠭᠦᠦ ᠪᠦᠯᠦᠭ ᠤᠨ 4 ᠦᠢᠯᠡᠳᠪᠦᠷᠢᠯᠡᠯ ᠤᠨ ᠱᠤᠭᠤᠮ ᠢ ᠠᠯᠬᠤᠮ ᠠᠯᠬᠤᠮ ᠢᠶᠠᠷ ᠠᠰᠢᠭᠯᠠᠯᠲᠠ ᠳᠤ ᠣᠷᠣᠭᠤᠯᠵᠤ᠂ ᠭᠤᠣᠯᠳᠠᠭᠤ ᠶᠢᠨ ᠳ᠋ᠢᠶᠠᠨ᠂ ᠢᠯᠢ  ᠰᠦ ᠵᠡᠷᠭᠡ ᠦᠢᠯᠡᠳᠬᠦᠨ ᠢ ᠦᠢᠯᠡᠳᠪᠦᠷᠢᠯᠡᠵᠦ᠂ ᠡᠨᠡ ᠵᠢᠯ ᠤᠨ 3 ᠰᠠᠷ᠎ᠠ ᠪᠣᠯᠬᠤ ᠳᠤ ᠡᠳᠦᠷ ᠤᠨ ᠭᠠᠷᠤᠯᠲᠠ ᠶᠢ 600 ᠲᠣᠨ ᠳᠤ ᠬᠦᠷᠭᠡᠵᠦ᠂ ᠪᠦᠬᠦ ᠵᠢᠯ ᠳᠤ ᠵᠢᠱᠢᠯᠲᠡ ᠪᠠᠷ 10 ᠲᠦᠮᠡᠨ ᠲᠣᠨ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠦᠷᠳᠡᠭ ᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠨᠢ 500 ᠬᠥᠮᠥᠨ ᠤ ᠰᠢᠭᠤᠳ ᠠᠵᠢᠯ ᠣᠯᠭᠤᠯᠲᠠ ᠶᠢ ᠳᠠᠶᠢᠴᠢᠯᠠᠬᠤ ᠪᠠᠷ ᠪᠠᠷᠠᠬᠤ ᠦᠭᠡᠢ ᠪᠠᠰᠠ ᠬᠢᠩᠭᠠᠨ ᠠᠶᠢᠮᠠᠭ ᠤᠨ 7 ᠮᠠᠯᠵᠢᠯ ᠤᠨ ᠲᠠᠯᠠᠪᠠᠢ ᠶᠢᠨ ᠵᠡᠷᠭᠡᠪᠡᠷ ᠲᠦᠷᠭᠡᠨ ᠬᠥᠭᠵᠢᠬᠦ ᠶᠢ ᠳᠠᠶᠢᠴᠢᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ 3 ᠲᠦᠮᠡᠨ ᠬᠥᠮᠥᠨ ᠤ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠳᠤ ᠬᠠᠪᠰᠤᠷᠤᠨ᠎ᠠ᠃      2020 ᠣᠨ ᠤ 9 ᠰᠠᠷ᠎ᠠ ᠳᠤ᠂ ᠥᠪᠥᠷ ᠮᠣᠩᠭᠤᠯ ᠤᠨ ᠬᠢᠩᠭᠠᠨ ᠢᠯᠢ ᠰᠢᠩᠭᠡᠨ ᠲᠤᠯᠤᠪᠲᠤ ᠰᠦ ᠶᠢᠨ ᠠᠵᠢᠯ ᠲᠥᠷᠥᠯ ᠤᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠬᠡᠷᠡᠭᠯᠡᠭᠡᠨ ᠤ ᠣᠶᠤᠨᠴᠢ ᠦᠶᠯᠡᠳᠬᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠬᠠᠨᠳᠤᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠷᠦᠬᠡ ᠠᠮᠠ ᠣᠷᠣᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ 1200 ᠮᠦ ᠭᠠᠵᠠᠷ ᠬᠡᠷᠡᠭᠯᠡᠵᠦ᠂ ᠨᠡᠶᠢᠲᠡ 17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃ ᠲᠣᠰ ᠲᠥᠷᠥᠯ ᠵᠦᠢᠯ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠬᠤᠶᠠᠷ ᠠᠮᠦ  ᠳᠤ ᠬᠤᠶᠠᠷ ᠦᠬᠡᠷ︾ ᠤᠨ ᠠᠵᠤ ᠦᠢᠯᠡᠰ ᠤᠨ ᠴᠢᠭᠯᠡᠯ ᠢ ᠳᠣᠪᠤᠶᠢᠯᠭᠠᠵᠤ᠂ ᠲᠣᠰ ᠭᠠᠵᠠᠷ ᠤᠨ ᠳᠠᠪᠠᠭᠤᠯᠢᠭ ᠡᠬᠢ ᠪᠠᠶᠠᠯᠢᠭ ᠲᠠᠭᠠᠨ ᠲᠦᠰᠢᠭᠯᠡᠨ᠂ ᠨᠢᠭᠡᠨᠲᠡ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ︽  ᠴᠢᠨᠠᠷ ᠴᠢᠨᠰᠠᠭ᠎ᠠ︾ ︽ᠰᠢᠨ᠎ᠡ  ᠬᠠᠷᠢᠴᠠᠯ︾ ᠪᠠ ︽  ᠪᠤᠬᠢᠷᠲᠤᠯ ᠦᠭᠡᠢ ᠬᠡᠮᠵᠢᠶ᠎ᠡ︾ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠴᠣᠩᠬᠤᠪᠴᠢ ᠬᠤᠭᠤᠴᠠᠭ᠎ᠠ ᠶᠢ ᠴᠢᠩᠭ᠎ᠠ ᠠᠳᠬᠤᠵᠤ᠂ ᠢᠯᠢ ᠪᠦᠯᠦᠭᠯᠡᠯ ᠲᠠᠢ ᠨᠢᠭᠲᠠ ᠬᠠᠮᠲᠤᠷᠠᠨ ᠠᠵᠢᠯᠯᠠᠵᠤ᠂ ᠬᠢᠩᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠷᠭᠡᠨ ᠠᠬᠢᠭᠤᠯᠵᠤ᠂ ᠡᠳᠦᠷ ᠲᠤ 1500 ᠲᠣᠨ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠶᠢ ᠲᠦᠷᠭᠡᠳᠬᠡᠨ ᠪᠡᠶᠡᠯᠡᠭᠦᠯᠬᠦ ᠶᠢᠨ ᠬᠠᠮᠲᠤ᠂ ᠲᠤᠬᠠᠢ ᠶᠢᠨ ᠭᠠᠵᠠᠷ ᠤᠨ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠴᠠᠭᠠᠨ ᠢᠳᠡᠭᠡ ᠡᠳ᠋ᠰᠢᠭᠦᠯᠬᠦ ᠪᠠ ᠪᠠᠷᠠᠭᠠᠨ ᠤ ᠭᠦᠢᠯᠭᠡᠭᠡᠨ᠂ ᠪᠣᠭᠤᠳᠠᠯ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠠᠵᠤ ᠦᠢᠯᠡᠰ ᠤᠨ ᠪᠥᠭᠡᠮᠨᠡᠷᠡᠯ ᠤᠨ ᠠᠵᠤ ᠠᠬᠤᠢ᠂ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯ ᠢ ᠬᠠᠮᠲᠤᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ  ᠰᠦ ᠶᠢᠨ ᠠᠵᠤ ᠦᠢᠯᠡᠰ ᠤᠨ ᠬᠥᠭᠵᠢᠯᠲᠡ ᠶᠢᠨ ᠳᠡᠳ᠋ ᠲᠥᠪ ᠬᠤᠲᠠ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ  ᠲᠠᠯᠪᠢᠪᠠ᠃     ᠥᠪᠥᠷ ᠮᠣᠩᠭᠤᠯ ᠤᠨ ᠬᠢᠩᠭᠠᠨ ᠢᠯᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠹᠦ᠋ ᠰᠧᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠠᠶᠢᠮᠠᠭ᠂ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠮᠤᠭ ᠤᠨ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠬᠤ ᠡᠯ᠎ᠡ ᠭᠤᠭᠴᠤᠭ᠎ᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ᠡᠯ᠎ᠡ ᠵᠦᠢᠯ ᠤᠨ ᠭᠠᠷᠳᠠᠮ ᠢ ᠡᠭᠡᠯᠵᠢ ᠨᠡᠮᠡᠵᠦ ᠴᠠᠭ ᠨᠡᠮᠡᠵᠦ ᠭᠦᠢᠴᠡᠳᠬᠡᠬᠦ ᠠᠴᠠ ᠠᠪᠤᠭᠠᠳ᠂ ᠵᠠᠰᠠᠭ ᠤᠨ ᠣᠷᠳᠣᠨ ᠤ ᠳᠠᠭᠠᠭᠠᠴᠢᠯᠠᠨ ᠪᠠᠶᠢᠭᠤᠯᠤᠭᠰᠠᠨ ᠤᠰᠤ ᠴᠠᠬᠢᠯᠭᠠᠨ ᠤ ᠬᠠᠩᠭᠠᠯᠭ᠎ᠠ᠂ ᠬᠤᠲᠠ ᠶᠢᠨ ᠶᠠᠪᠤᠳᠠᠯ ᠤᠨ ᠵᠠᠮ᠂ ᠬᠤᠲᠠ ᠶᠢᠨ ᠶᠠᠪᠤᠳᠠᠯ ᠤᠨ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠢᠨᠵᠧᠨᠧᠷᠢᠩ ᠢ ᠴᠥᠮ 100% ᠪᠠᠷ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ︿  ᠪᠣᠬᠢᠷᠲᠤᠯ ᠦᠭᠡᠢ ᠪᠠᠷ ᠡᠳ᠋ ᠪᠣᠯᠭᠠᠬᠤ﹀ ᠬᠠᠷᠠᠯᠲᠠ ᠱᠠᠭᠠᠷᠳᠠᠯᠭ᠎ᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ︾ ᠭᠡᠵᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号