ᠳ᠋ᠠᠱᠢᠵᠠᠢ ᠳᠠᠬᠢ ᠵᠥᠪᠯᠡᠯᠲᠦ ᠬᠤᠯᠪᠣᠭᠠᠲᠤ ᠤᠯᠤᠰ ᠤᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ
ᠨᠡᠶᠢᠲᠡᠯᠡᠭᠰᠡᠨ ᠴᠠᠭ᠄
2023/10/13
   ᠳ᠋ᠠᠱᠢᠵᠠᠢ ᠳᠠᠬᠢ ᠵᠥᠪᠯᠡᠯᠲᠦ ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠨᠢ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠢ ᠭᠠᠯᠲᠤ ᠲᠡᠷᠭᠡᠨ ᠦᠷᠳᠡᠭᠡ ᠠᠴᠠ ᠵᠡᠭᠦᠨ ᠡᠮᠦᠨ᠎ᠡ 20  ᠮᠧᠲᠷ ᠤᠨ ᠭᠠᠵᠠᠷ ᠲᠤ ᠪᠤᠢ᠃    1945 ᠣᠨ ᠤ 8 ᠰᠠᠷ᠎ᠠ ᠶᠢᠨ 12 ᠤᠨ ᠡᠳᠦᠷ᠂ ᠵᠥᠪᠯᠡᠯᠲᠦ ᠶᠢᠨ ᠤᠯᠠᠭᠠᠨ ᠴᠡᠷᠢᠭ ᠷᠠᠰᠢᠶᠠᠨ ᠠᠴᠠ ᠡᠮᠦᠨᠡᠰᠢ ᠮᠣᠷᠳᠠᠭᠰᠠᠨ ᠶᠠᠫᠤᠨ ᠴᠡᠷᠢᠭ ᠲᠠᠢ  ᠪᠠᠷᠠᠭᠤᠨ ᠬᠤᠷᠴᠢᠨ ᠡᠮᠦᠨᠡᠲᠦ ᠬᠤᠰᠢᠭᠤᠨ ᠤ ᠳ᠋ᠠᠱᠢᠵᠠᠢ ᠭᠠᠯᠲᠤ ᠲᠡᠷᠭᠡᠨ ᠤ ᠥᠷᠲᠡᠭᠡᠨ ᠳᠤ ᠤᠴᠠᠷᠠᠨ ᠰᠢᠷᠦᠭᠦᠨ ᠪᠠᠶᠢᠯᠳᠤᠭᠠᠨ ᠬᠢᠵᠡᠢ᠃ ᠪᠠᠶᠢᠯᠳᠤᠭᠠᠨ ᠤ ᠳᠤᠮᠳᠠ ᠨᠡᠶᠢᠲᠡ 700 ᠭᠠᠷᠤᠢ ᠶᠠᠫᠤᠨ ᠴᠡᠷᠢᠭ ᠢ ᠤᠰᠠᠳᠬᠠᠵᠤ᠂ ᠵᠥᠪᠯᠡᠯᠲᠦ ᠶᠢᠨ ᠤᠯᠠᠭᠠᠨ ᠴᠡᠷᠢᠭ 2 ᠬᠥᠮᠥᠨ ᠦᠷᠡᠭᠳᠡᠵᠡᠢ᠃ ᠪᠠᠶᠢᠯᠳᠤᠭᠠᠨ ᠳᠠᠭᠤᠰᠤᠭᠰᠠᠨ ᠤ ᠲᠠᠷᠠᠭ᠎ᠠ᠂ ᠵᠥᠪᠯᠡᠯᠲᠦ ᠶᠢᠨ ᠤᠯᠠᠭᠠᠨ ᠴᠡᠷᠢᠭ ᠳ᠋ᠠᠱᠢᠵᠠᠢ ᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠪᠠᠶᠢᠭᠤᠯᠵᠤ᠂ ᠬᠤᠶᠠᠷ ᠦᠷᠡᠭᠳᠡᠭᠰᠡᠨ ᠪᠠᠭᠠᠲᠤᠷ ᠤᠨ ᠴᠢᠨᠳᠠᠷ ᠢ ᠳᠤᠷᠠᠰᠬᠠᠯ ᠤᠨ ᠬᠥᠰᠢᠶ᠎ᠡ ᠶᠢᠨ ᠳᠣᠣᠷ᠎ᠠ ᠣᠷᠣᠰᠢᠭᠤᠯᠪᠠ᠃    ᠳ᠋ᠠᠱᠢᠵᠠᠢ ᠳᠠᠬᠢ ᠵᠤᠶᠢᠪᠯᠡᠯᠳᠦ  ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ 1998 ᠣᠨ ᠤ ᠣᠨᠴᠠ ᠶᠡᠭᠡ ᠦᠶᠡᠷ ᠲᠤ ᠳᠠᠭᠠᠷᠢᠯᠲᠠ ᠳᠤ ᠤᠴᠠᠷᠠᠭᠰᠠᠨ ᠤ ᠲᠡᠷᠠᠭ᠎ᠠ ᠬᠦᠨᠳᠦ ᠨᠣᠴᠢᠲᠠᠢ ᠡᠪᠳᠡᠭᠳᠡᠪᠡ᠃ 2009 ᠣᠨ ᠳᠤ᠂ 2010 ᠣᠨ ᠤ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 65 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠤᠷᠤᠰ ᠤᠨ ᠲᠠᠯ᠎ᠠ ᠠᠴᠠ ᠪᠡᠯᠡ ᠮᠥᠩᠭᠦ ᠭᠠᠷᠭᠠᠵᠤ᠂ ᠳᠤᠮᠳᠠᠳᠤ ᠤᠯᠤᠰ ᠤᠨ ᠲᠠᠯ᠎ᠠ ᠠᠴᠠ ᠳᠠᠭᠠᠭᠠᠴᠢᠯᠠᠨ ᠪᠠᠶᠢᠭᠤᠯᠵᠤ᠂ ᠤᠤᠯ ᠭᠠᠵᠠᠷ ᠲᠠᠭᠠᠨ ᠳ᠋ᠠᠱᠢᠵᠠᠢ  ᠳᠠᠬᠢ ᠵᠥᠪᠯᠡᠯᠲᠦ  ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠰᠢᠨ᠎ᠡ ᠪᠠᠷ ᠪᠠᠶᠢᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号