ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠰᠠᠷ ᠢ ᠪᠣᠯᠵᠤᠭ᠎ᠠ ᠶᠣᠰᠣᠭᠠᠷ ᠨᠢ ᠶᠠᠰᠤ ᠴᠢᠨᠠᠷ ᠲᠠᠢ ᠲᠤᠰᠢᠶᠠᠬᠤ ᠶᠢ ᠪᠠᠲᠤᠯᠠᠬᠤ ᠵᠢᠴᠢ ᠪᠥᠬᠦ ᠬᠤᠰᠢᠭᠤᠨ ᠤ ᠺᠠᠳ᠋ᠷ ᠠᠵᠢᠯᠲᠠᠨ ᠤ ᠪᠦᠯᠬᠦᠮᠴᠢᠯᠡᠨ ᠬᠤᠳᠠᠯᠳᠤᠨ ᠠᠪᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/10/16
   10 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠭᠠᠭᠠᠨ ᠡᠷᠭᠢᠯᠡᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠰᠠᠷ ᠢ ᠪᠣᠯᠵᠤᠭ᠎ᠠ ᠶᠣᠰᠣᠭᠠᠷ ᠨᠢ ᠶᠠᠰᠤ ᠴᠢᠨᠠᠷ ᠲᠠᠢ ᠲᠤᠰᠢᠶᠠᠬᠤ ᠶᠢ ᠪᠠᠲᠤᠯᠠᠬᠤ ᠵᠢᠴᠢ ᠪᠥᠬᠦ ᠬᠤᠰᠢᠭᠤᠨ ᠤ ᠺᠠᠳ᠋ᠷ ᠠᠵᠢᠯᠲᠠᠨ ᠤ ᠪᠦᠯᠬᠦᠮᠴᠢᠯᠡᠨ ᠬᠤᠳᠠᠯᠳᠤᠨ ᠠᠪᠬᠤ ᠰᠠᠷ᠎ᠠ ᠶᠢᠨ ᠠᠵᠢᠯᠯᠠᠭ᠎ᠠ ᠡᠬᠢᠯᠡᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠢ ᠯᠢ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠯᠧᠢ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠶᠣᠣ ᠴᠢ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠳᠠᠷᠤᠭ᠎ᠠ ᠸᠠᠩ ᠵᠢᠶᠠ ᠪᠥᠸᠧ᠂ ᠶᠤᠸᠠᠢ ᠰᠥᠩ ᠱᠠᠨ᠂ ᠸᠠᠩ ᠲᠢᠶ᠋ᠧ ᠮᠧᠶ᠂ ᠵᠠᠩ ᠭᠦᠸᠧ ᠵᠢᠶᠦ᠋ᠨ᠂ ᠯᠢᠦ ᠬᠠᠢ ᠶᠦᠩ ᠵᠢᠴᠢ ᠠᠶᠢᠮᠠᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠥᠪᠥᠷ ᠮᠣᠩᠭᠤᠯ ᠤᠨ ᠪᠠᠩᠬᠢ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠨᠠᠷ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᡁᠢ ᠪᠢᠶᠣᠣ ᠠᠵᠢᠯᠯᠠᠭ᠎ᠠ ᠶᠢ ᠡᠷᠭᠢᠯᠡᠪᠡ᠃  ᠡᠬᠢᠯᠡᠯᠲᠡ ᠶᠢᠨ ᠶᠣᠰᠣᠯᠠᠯ ᠳᠡᠭᠡᠷ᠎ᠡ᠂ ᠰᠦᠨ ᠱᠤ᠋ ᠲᠤᠤ ᠠᠵᠢᠯᠯᠠᠭ᠎ᠠ ᠡᠬᠢᠯᠡᠭᠰᠡᠨ ᠢ ᠵᠠᠷᠯᠠᠪᠠ᠃   ᠸᠠᠩ ᡁᠢ ᠪᠢᠶᠣᠣ ᠶᠠᠷᠢᠶᠠᠨ ᠳᠠᠭᠠᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠣᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠬᠡ ᠶᠢ ᠭᠦᠢᠴᠡᠳ ᠳᠣᠷᠣᠭᠰᠢ ᠪᠠᠭᠤᠯᠭᠠᠵᠤ᠂ ᠠᠮᠤᠷ ᠲᠦᠪᠰᠢᠨ ᠢ ᠬᠠᠮᠠᠭᠠᠯᠠᠨ᠂ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠬᠢᠨ ᠲᠣᠰ ᠤᠳᠠᠭᠠᠨ ᠤ ᠠᠵᠢᠯᠯᠠᠭ᠎ᠠ ᠶᠢᠨ ᠠᠵᠠ ᠲᠣᠬᠢᠶᠠᠯ ᠢ ᠠᠮᠵᠢᠨ ᠪᠦᠯᠬᠦᠮ ᠢᠶᠠᠷ ᠬᠤᠳᠠᠯᠳᠤᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠦᠨᠡᠨ ᠪᠣᠳᠠᠲᠠᠢ︾ ᠬᠠᠷᠠᠭᠠᠯᠵᠠᠯ ᠪᠠ ᠰᠠᠶᠢᠨ ᠦᠢᠯᠡᠴᠢᠯᠡᠭᠡ ᠪᠠᠷ ᠪᠦᠯᠬᠦᠮ ᠢᠶᠠᠷ ᠬᠤᠳᠠᠯᠳᠤᠨ ᠠᠪᠬᠤ ᠳᠤ ᠣᠷᠣᠯᠴᠠᠭᠰᠠᠨ ᠺᠠᠳ᠋ᠷ ᠠᠵᠢᠯᠲᠠᠳ ᠲᠤ ᠴᠢᠨᠠᠷ ᠰᠠᠶᠢᠲᠠᠢ ᠭᠡᠷ ᠪᠠᠶᠢᠰᠢᠩ ᠬᠤᠳᠠᠯᠳᠤᠨ ᠠᠪᠤᠭᠤᠯᠬᠤ ᠪᠠᠷ ᠪᠠᠶᠢᠨ᠎ᠠ ᠭᠡᠵᠡᠢ᠃     ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠰᠠᠷ ᠢ ᠪᠣᠯᠵᠤᠭ᠎ᠠ ᠶᠣᠰᠣᠭᠠᠷ ᠶᠠᠰᠤ ᠴᠢᠨᠠᠷ ᠢᠶᠠᠷ ᠲᠤᠰᠢᠶᠠᠬᠤ ᠶᠢ ᠪᠠᠲᠤᠯᠠᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ ᠂ ᠲᠢᠶᠠᠨ ᠷᠦᠢ ᠬᠤᠸᠠ ᠹᠦ᠋᠂ ᠢ ᠫᠢᠨ ᠵᠠᠢ᠂ ᠴᠦᠨ ᠵᠢᠶᠠᠩ ᠬᠤᠸᠠ ᠹᠦ᠋᠂ ᠭᠤᠸᠠᠨ ᠬᠤ᠋ ᠰᠢᠩ ᠵᠢᠩ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠠᠰᠠᠷ ᠤᠨ ᠪᠠᠶᠢᠷᠢᠯᠠᠯ᠂ ᠭᠡᠷ ᠤᠨ ᠬᠡᠯᠪᠡᠷᠢ᠂ ᠬᠠᠮᠲᠤ ᠪᠠᠷ ᠬᠤᠳᠠᠯᠳᠤᠨ ᠠᠪᠬᠤ ᠬᠠᠷᠠᠭᠠᠯᠵᠠᠯ ᠤᠨ ᠡᠷᠴᠢᠮ ᠵᠡᠷᠭᠡ ᠲᠠᠯ᠎ᠠ ᠪᠠᠷ ᠲᠥᠷᠥᠯ ᠵᠦᠢᠯ ᠤᠨ ᠪᠣᠳᠠᠲᠠᠢ ᠪᠠᠶᠢᠳᠠᠯ ᠢ ᠲᠠᠨᠢᠯᠴᠠᠭᠤᠯᠵᠤ᠂ ᠬᠠᠮᠲᠤ ᠪᠠᠷ ᠬᠤᠳᠠᠯᠳᠤᠨ ᠠᠪᠬᠤ ᠰᠠᠷ᠎ᠠ ᠶᠢᠨ ᠠᠵᠢᠯᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠠᠰᠠᠷ ᠢ ᠪᠣᠯᠵᠤᠭ᠎ᠠ ᠶᠣᠰᠣᠭᠠᠷ ᠶᠠᠰᠤ ᠴᠢᠨᠠᠷ ᠢᠶᠠᠷ ᠲᠤᠰᠢᠶᠠᠬᠤ ᠶᠢ ᠪᠠᠲᠤᠯᠠᠬᠤ ᠠᠵᠤ ᠠᠬᠤᠶᠢᠯᠠᠯ ᠤᠨ ᠲᠥᠯᠥᠭᠡᠯᠡᠭᠴᠢ ᠥᠮᠴᠢᠲᠡᠨ ᠤ ᠲᠥᠯᠥᠭᠡᠯᠡᠭᠴᠢ ᠳᠤ ᠲᠦᠯᠬᠢᠭᠦᠷ  ᠲᠣᠰᠢᠶᠠᠪᠠ ᠃   ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠲᠢᠶᠠᠨ ᠷᠦᠢ ᠬᠤᠸᠠ ᠹᠦ᠋᠂ ᠢ ᠫᠢᠨ ᠵᠠᠢ᠂ ᠴᠦᠨ ᠵᠢᠶᠠᠩ ᠬᠤᠸᠠ ᠹᠦ᠋᠂ ᠭᠤᠸᠠᠨ ᠬᠤ᠋ ᠰᠢᠩ ᠵᠢᠩ ᠵᠡᠷᠭᠡ ᠵᠢᠵᠢᠭ ᠲᠣᠭᠤᠷᠢᠭ᠂ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠥᠷᠥᠭᠡ᠂ ᠥᠯᠢᠭᠡᠷ ᠡᠳ᠋ ᠤᠨ ᠥᠷᠥᠭᠡ᠂ ᠭᠠᠵᠠᠷ ᠤᠨ ᠬᠥᠮᠥᠷᠭᠡ᠂ ᠵᠢᠵᠢᠭ ᠲᠣᠭᠤᠷᠢᠭ ᠤᠨ ᠨᠣᠭᠤᠭᠠᠷᠠᠭᠤᠯᠤᠯᠲᠠ᠂ ᠠᠳᠠᠯ ᠠᠬᠤᠢ ᠶᠢᠨ ᠦᠢᠯᠡᠴᠢᠯᠡᠭᠡ ᠪᠠ ᠪᠣᠷᠤᠯᠠᠭᠤᠯᠭ᠎ᠠ ᠶᠢᠨ ᠪᠠᠶᠢᠳᠠᠯ ᠢ ᠲᠣᠭᠤᠷᠢᠨ ᠦᠵᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号