ᠮᠠᠨ ᠤ ᠤᠯᠤᠰ ᠤᠨ ᠬᠠᠤᠯᠢ ᠴᠠᠭᠠᠵᠠ ᠳᠤ ᠥᠨᠳᠥᠷ ᠬᠦᠦ ᠲᠠᠢ ᠵᠢᠭᠡᠯᠡᠯᠭᠡ ᠶᠢ ᠬᠡᠷᠬᠢᠨ ᠰᠢᠢᠳᠪᠦᠷᠢᠯᠡᠳᠡᠭ ᠪᠤᠢ︖
ᠨᠡᠶᠢᠲᠡᠯᠡᠭᠰᠡᠨ ᠴᠠᠭ᠄
2023/10/24
    ᠮᠠᠨ ᠤ ᠤᠯᠤᠰ ᠤᠨ ᠣᠳᠣᠬᠠᠨ ᠤ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠶᠠᠮᠠᠷ ᠵᠢᠭᠡᠯᠡᠯᠭᠡ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠴᠤ᠂ ᠳᠠᠪᠬᠤᠷ ᠬᠦᠦ ᠮᠥᠩᠭᠦ ᠪᠤᠳᠤᠬᠰᠠᠨ ᠡᠰᠡᠬᠦᠯ᠎ᠡ ᠵᠢᠭᠡᠯᠡᠭᠦᠯᠬᠦ ᠳᠡᠭᠡᠨ ᠤᠷᠢᠳ ᠢᠶᠠᠷ ᠬᠦᠦ ᠮᠥᠩᠭᠦ ᠶᠢ ᠰᠠᠭᠤᠯᠭᠠᠨ ᠠᠪᠤᠭᠰᠠᠨ ᠪᠠᠶᠢᠪᠠᠯ᠂ ᠴᠥᠮ ᠪᠣᠳᠠᠲᠤ ᠵᠢᠭᠡᠯᠡᠭᠦᠯᠦᠭᠰᠡᠨ ᠵᠣᠭᠤᠰᠤᠨ ᠤ ᠲᠤᠭ᠎ᠠ ᠪᠠᠷ ᠬᠦᠦ ᠮᠥᠩᠭᠦ ᠪᠤᠳᠤᠬᠤ ᠪᠥᠭᠡᠳ ᠪᠠᠩᠬᠢ ᠶᠢᠨ ᠠᠳᠠᠯᠢ ᠲᠦᠷᠦᠯ ᠤᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 4 ᠲᠠᠬᠢᠨ ᠠᠴᠠ ᠬᠡᠲᠦᠷᠡᠭᠰᠡᠨ ᠦᠶ᠎ᠡ ᠳᠤ᠂ ᠬᠡᠲᠦᠷᠡᠭᠰᠡᠨ ᠬᠡᠰᠡᠭ ᠢ ᠨᠢ ᠬᠠᠤᠯᠢ ᠶᠣᠰᠣᠨ ᠤ ᠬᠠᠮᠠᠭᠠᠯᠠᠯᠲᠠ ᠳᠤ ᠤᠷᠤᠭᠤᠯᠬᠤ ᠦᠭᠡᠢ᠃ ᠡᠭᠦᠨ ᠤ ᠬᠠᠮᠲᠤ᠂ ᠵᠢᠭᠡᠯᠡᠭᠦᠯᠦᠭᠴᠢ ᠶᠢᠨ ᠨᠢᠭᠡᠨᠲᠡ ᠬᠤᠷᠢᠶᠠᠨ ᠠᠪᠤᠭᠰᠠᠨ ᠥᠨᠳᠥᠷ ᠬᠦᠦ ᠲᠠᠢ ᠵᠢᠭᠡᠯᠡᠯᠭᠡ ᠶᠢᠨ ᠬᠡᠰᠡᠭ ᠤᠨ ᠬᠦᠦ ᠮᠥᠩᠭᠦ ᠪᠠᠷ ᠲᠥᠯᠥᠭᠡᠳᠦᠢ ᠡᠬᠡ ᠮᠥᠩᠭᠦ ᠶᠢ ᠲᠤᠯᠭᠠᠨ ᠲᠥᠯᠥᠵᠦ ᠪᠣᠯᠣᠨ᠎ᠠ᠂ ᠬᠡᠷᠪᠡ ᠬᠠᠤᠯᠢ ᠶᠣᠰᠣᠨ ᠤ ᠡᠬᠡ ᠬᠦᠦ ᠮᠥᠩᠭᠦ ᠶᠢ ᠨᠢᠭᠡᠨᠲᠡ ᠲᠥᠯᠥᠵᠦ ᠪᠠᠷᠠᠭᠰᠠᠨ ᠪᠠᠶᠢᠪᠠᠯ᠂ ᠵᠣᠭᠤᠰ ᠵᠢᠭᠡᠯᠡᠭᠴᠢ ᠳᠤ ᠪᠤᠴᠠᠭᠠᠵᠤ ᠥᠭᠬᠦ ᠬᠡᠷᠡᠭᠲᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号