ᠡᠪᠡᠰᠦᠨ ᠡᠮ ᠲᠠᠷᠢᠵᠦ ᠠᠷᠠᠳ ᠤᠨ ᠤᠷᠤᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/10/26
   ᠤᠷᠴᠢᠮ ᠤᠨ ᠵᠢᠯ ᠠᠴᠠ ᠨᠠᠭᠠᠰᠢ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠷᠤᠨ ᠨᠤᠲᠤᠭ ᠤᠨ ᠤᠨᠴᠠᠯᠢᠭ ᠲᠤ ᠪᠠᠨ ᠲᠤᠬᠢᠷᠠᠭᠤᠯᠤᠨ ᠡᠪᠡᠰᠦᠨ ᠡᠮ ᠤᠨ ᠠᠵᠦ ᠦᠢᠯᠡᠰ ᠢ ᠶᠡᠬᠡᠪᠡᠷ ᠬᠦᠭᠵᠢᠭᠦᠯᠵᠦ ᠤᠯᠠᠨ ᠲᠥᠮᠡᠨ ᠤ ᠤᠷᠤᠯᠭ᠎ᠠ ᠶᠢ ᠨᠡᠮᠡᠭᠳᠡᠭᠦᠯᠵᠦ ᠪᠤᠢ᠃   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠯᠤᠨ ᠪᠠᠯᠭᠠᠰᠤᠨ ᠳ᠋ᠦ᠍ ᠰᠠᠭᠤᠭ᠎ᠠ ᠪᠢ ᠶᠧ ᠰᠢᠨ ᠶᠤᠸᠠᠨ ᠡᠪᠡᠰᠦᠨ ᠡᠮ ᠲᠠᠷᠢᠬᠤ ᠲᠤᠰᠬᠠᠢ ᠬᠤᠷᠰᠢᠶᠡᠵᠢᠯ ᠳᠤ ᠬᠦᠷᠬᠦ ᠳᠤ᠂ ᠲᠠᠷᠢᠶᠡᠴᠢᠳ ᠡᠮ ᠤᠨ ᠮᠠᠲ᠋ᠧᠷᠢᠶᠡᠯ ᠤᠨ ᠲᠠᠷᠢᠶᠡᠨ ᠳᠤ ᠪᠠᠨ ᠶᠠᠭᠠᠷᠡᠯᠳᠡᠢ ᠠᠵᠢᠯᠯᠠᠵᠦ ᠪᠠᠶᠢᠯ᠎ᠠ᠃ ︽ᠰᠤᠯᠤᠨ ᠪᠠᠯᠭᠠᠰᠦ ᠶᠢᠨ ᠤᠰᠤ ᠰᠢᠷᠤᠢ ᠶ᠋ᠢᠨ ᠡᠬᠢ ᠪᠠᠶᠠᠯᠢᠭ᠂ ᠠᠮᠢ ᠠᠬᠤᠢ ᠶᠢᠨ ᠤᠷᠴᠢᠨ ᠲᠤᠭᠤᠷᠢᠨ ᠪᠠ ᠠᠭᠤᠷ ᠠᠮᠢᠰᠬᠤᠯ ᠤᠨ ᠨᠦᠬᠦᠴᠡᠯ ᠨᠢ ᠡᠪᠡᠰᠤᠨ ᠡᠮ ᠤᠨ ᠮᠠᠲ᠋ᠧᠷᠢᠶᠡᠯ ᠲᠠᠷᠢᠵᠦ ᠤᠷᠭᠤᠭᠤᠯᠬᠤ ᠳᠤ ᠮᠠᠰᠢ ᠲᠤᠬᠢᠷᠠᠮᠵᠢᠲᠠᠢ᠃  ᠣᠷᠴᠢᠮ ᠤ᠋ᠨ ᠵᠢᠯ ᠳ᠋ᠦ᠍ ᠂ ᠡᠨᠳᠡᠬᠢ ᠤᠯᠡᠨ ᠲᠠᠷᠢᠶᠠᠴᠢᠨ ᠲᠠᠷᠢᠮᠡᠯ ᠤᠨ ᠪᠦᠲᠦᠴᠡ ᠳᠤ ᠪᠠᠨ ᠲᠤᠬᠢᠷᠠᠭᠤᠯᠤᠯᠲᠠ ᠬᠢᠵᠦ᠂ ᠡᠪᠡᠰᠤᠨ ᠡᠮ ᠤᠨ ᠮᠠᠲ᠋ᠧᠷᠢᠶᠡᠯ ᠲᠠᠷᠢᠵᠦ ᠠᠮᠢ ᠠᠬᠤᠢ ᠪᠤᠯᠤᠨ ᠠᠵᠦ ᠠᠬᠤᠢ ᠶᠢᠨ ᠬᠤᠤᠰ ᠦᠷ᠎ᠡ ᠠᠰᠢᠭ ᠤᠯᠵᠦ ᠪᠠᠶᠢᠨ᠎ᠠ︾ ᠭᠡᠵᠦ ᠪᠢ ᠶᠧ ᠰᠢᠨ ᠶᠤᠸᠠᠨ ᠡᠪᠡᠰᠦᠨ ᠡᠮ ᠲᠠᠷᠢᠬᠤ ᠲᠤᠰᠬᠠᠢ ᠬᠤᠷᠰᠢᠶᠡᠵᠢᠯ ᠤᠨ ᠬᠠᠷᠢᠭᠤᠴᠠᠯᠭᠠᠲᠡᠨ ᠰᠢᠤᠸᠠᠢ ᠮᠢᠩ ᠡᠦ ᠶᠠᠷᠢᠵᠦ ᠪᠠᠶᠢᠯ᠎ᠠ᠃   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠡᠩ ᠤᠨ ᠵᠦᠩ ᠰᠢᠨ ᠲᠣᠰᠬᠤᠨ ᠤ᠋ ᠬᠦᠷᠢᠶ᠎ᠡ ᠬᠠᠰᠢᠶ᠎ᠡ ᠠᠴᠠ ᠬᠦᠲᠦᠯ ᠲᠠᠷᠢᠶ᠎ᠡ ᠬᠦᠷᠲᠡᠯ᠎ᠡ ᠬᠤᠨᠴᠢᠨ᠂ ᠬᠤᠷᠳᠤᠨ ᠴᠠᠭᠠᠨ᠂ ᠱᠦᠭᠦᠷᠭᠡᠨ᠎ᠡ ᠵᠡᠷᠭᠡ ᠡᠪᠡᠰᠤᠨ ᠡᠮ ᠤ᠋ᠨ ᠲᠠᠷᠢᠮᠡᠯ ᠬᠠᠷᠠᠭᠳᠠᠨ᠎ᠠ᠃ ᠲᠤᠰᠬᠤᠨ ᠤ ᠠᠷᠠᠳ ᠳ᠋ᠦᠩ ᠫᠧᠩ ᠶᠤᠸᠠᠢ 2017 ᠤᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ  ᠤ ᠪᠤᠷᠭᠠᠰᠤᠲᠠᠢ ᠰᠢᠶᠡᠩ ᠤᠨ ᠵᠦᠩ ᠰᠢᠨ ᠡᠪᠡᠰᠦᠨ ᠡᠮ ᠤᠨ ᠬᠤᠷᠰᠢᠶᠡᠵᠢᠯ ᠢ ᠪᠠᠶᠢᠭᠤᠯᠵᠤ᠂ ᠤᠳᠤᠬᠠᠨ ᠪᠤᠯᠲᠠᠯ᠎ᠠ ᠲᠤᠰ ᠬᠤᠷᠰᠢᠶᠡᠵᠢᠯ ᠨᠢ 5000 ᠭᠠᠷᠤᠢ ᠮᠦ ᠬᠤᠨᠴᠢᠨ᠂ ᠬᠤᠷᠳᠤᠨ ᠴᠠᠭᠠᠨ᠂ ᠴᠢᠨ᠋ᠸ᠎ᠠ ᠶᠢᠨ ᠬᠠᠯᠳᠠᠷ ᠵᠡᠷᠭᠡ ᠡᠪᠡᠰᠤᠨ ᠡᠮ ᠲᠠᠷᠢᠵᠦ᠂ ᠡᠨᠡ ᠵᠢᠯ ᠳ᠋ᠦ᠍ 200 ᠭᠠᠷᠤᠢ ᠲᠥᠮᠡᠨ ᠲᠦᠭᠦᠷᠢᠭ ᠤᠨ ᠤᠷᠤᠯᠭ᠎ᠠ ᠤᠯᠪᠠ᠃   ᠤᠯᠡᠨ ᠲᠦᠮᠡᠨ ᠦ᠌ ᠡᠪᠡᠰᠤᠨ ᠡᠮ ᠲᠠᠷᠢᠵᠤ ᠤᠷᠭᠤᠭᠤᠯᠬᠤ ᠦᠢᠯᠡᠰ ᠢ᠋ ᠲᠡᠮᠵᠢᠬᠦ ᠶ᠋ᠢᠨ ᠲᠥᠯᠦᠭᠡ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠦᠪᠦᠷ ᠮᠤᠩᠭᠤᠯ ᠤᠨ ᠵᠢᠩ ᠴᠢᠤᠸᠠᠨ ᠡᠮ ᠤᠨ ᠦᠢᠯᠡᠰ ᠢ ᠲᠠᠲᠠᠨ ᠤᠷᠤᠭᠤᠯᠬᠤ ᠶᠢᠨ ᠬᠠᠮᠲᠤ ᠬᠢᠲᠡᠳ ᠡᠮ ᠤᠨ ᠮᠠᠲ᠋ᠧᠷᠢᠶᠡᠯ ᠪᠤᠯᠪᠠᠰᠤᠷᠠᠭᠤᠯᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ ᠂ ᠴᠢᠨ᠋ᠸ᠎ᠠ ᠶᠢᠨ ᠬᠠᠯᠳᠠᠷ᠂ ᠴᠠᠨ᠎ᠠ ᠴᠡᠴᠡᠭ ᠵᠡᠷᠭᠡ ᠪᠠᠶᠢᠭᠠᠯᠢᠯᠢᠭ ᠡᠪᠡᠰᠤᠨ ᠡᠮ ᠢ ᠰᠤᠳᠤᠯᠬᠤ᠂ ᠴᠢᠬᠢ ᠪᠤᠶᠢᠵᠢᠭᠤᠯᠬᠤ  ᠪᠠ ᠲᠤᠷᠰᠢᠨ ᠲᠠᠷᠢᠬᠤ ᠠᠯᠬᠤᠮ ᠢᠶᠠᠨ ᠲᠦᠷᠭᠡᠳᠭᠡᠵᠦ᠂ 5 ᠲᠥᠮᠡᠨ ᠲᠤᠨ ᠡᠪᠡᠰᠤᠨ ᠡᠮ ᠤᠨ ᠮᠠᠲ᠋ᠧᠷᠢᠶᠡᠯ ᠢ ᠲᠠᠷᠢᠵᠦ ᠤᠷᠭᠤᠭᠤᠯᠤᠨ ᠂ 3000 ᠲᠤᠨ ᠡᠮ ᠤᠨ ᠮᠠᠲ᠋ᠧᠷᠢᠶᠡᠯ  ᠪᠤᠯᠪᠠᠰᠤᠷᠠᠭᠤᠯᠵᠤ᠂ ᠵᠢᠯ ᠤᠨ ᠪᠤᠷᠤᠯᠠᠭᠤᠯᠤᠯᠲᠠ ᠶᠢᠨ ᠤᠷᠤᠯᠭ᠎ᠠ ᠨᠢ 12 ᠳ᠋ᠦᠩᠰᠢᠭᠤᠷ ᠲᠦᠭᠦᠷᠢᠭ ᠲᠤ ᠬᠦᠷᠴᠦ᠂ 6000 ᠭᠠᠷᠤᠢ ᠲᠥᠮᠡᠨ ᠲᠦᠭᠦᠷᠢᠭ ᠤᠨ ᠠᠰᠢᠭ ᠣᠷᠤᠯᠭ᠎ᠠ ᠤᠯᠵᠦ᠂ 1000 ᠭᠠᠷᠤᠢ ᠬᠦᠮᠦᠨ  ᠳᠤ ᠠᠵᠢᠯ ᠤᠯᠭᠤᠪᠠ᠃   ᠤᠢᠯᠠᠭᠠᠬᠰᠡᠨ ᠢ᠋ᠶ᠋ᠡᠷ ᠂ ᠤᠳᠤᠬᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠡᠰᠤᠨ ᠡᠮ ᠲᠠᠷᠢᠭᠰᠠᠨ ᠲᠠᠯᠠᠪᠠᠢ ᠨᠢ 4.6 ᠲᠥᠮᠡᠨ ᠮᠦ ᠳᠤ ᠬᠦᠷᠴᠦ᠂ ᠭᠠᠷᠤᠯᠲᠠ ᠨᠢ 14 ᠲᠥᠮᠡᠨ ᠲᠤᠨ ᠳᠤ ᠬᠦᠷᠴᠦ᠂ ᠦᠢᠯᠡᠳᠭᠦᠨ ᠤ ᠶᠡᠷᠦᠩᠬᠡᠢ ᠦᠷᠳᠡᠭ ᠨᠢ 140 ᠳ᠋ᠦᠩᠰᠢᠭᠤᠷ ᠲᠥᠭᠦᠷᠢᠭ  ᠲᠤ ᠬᠦᠷᠴᠦ᠂ ᠡᠪᠡᠰᠦᠨ ᠡᠮ ᠤᠨ ᠦᠢᠯᠡᠰ ᠨᠢ ᠲᠤᠬᠠᠢ ᠶᠢᠨ ᠭᠠᠵᠠᠷ ᠤᠨ ᠠᠵᠦ ᠠᠬᠤᠢ ᠶᠢ ᠬᠦᠭᠵᠢᠭᠦᠯᠵᠦ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠴᠢᠬᠤᠯᠠ ᠠᠵᠦ ᠦᠢᠯᠡᠰ ᠪᠤᠯᠤᠭᠰᠠᠨ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号