ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ ᠥᠭᠪᠡ
ᠨᠡᠶᠢᠲᠡᠯᠡᠭᠰᠡᠨ ᠴᠠᠭ᠄
2023/10/31
   10 ᠰᠠᠷ᠎ᠠ ᠶᠢᠨ 30 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ ᠥᠭᠪᠡ ᠃ ᠬᠤᠰᠢᠭᠤᠨ ᠤ ᠤᠳᠤᠷᠢᠳᠤᠯᠭ᠎ᠠ ᠸᠠᠩ ᠵᠢᠶᠠ ᠪᠥᠸᠧ᠂ ᠳ᠋ᠢᠩ ᠪᠥᠸᠧ᠂ ᠵᠢᠶᠣᠣ ᠱᠧ ᠵᠢᠶᠦ᠋ᠨ᠂ ᠯᠢ ᠹᠠᠩ᠂ ᠸᠠᠩ ᠮᠧᠩ᠂ ᠮᠠ ᠨᠢᠩ᠂ ᠵᠣᠣ ᠬᠤᠩ ᠪᠢᠨ᠂ ᠸᠠᠩ ᠰᠢᠤᠸᠠᠢ ᠸᠧᠢ ᠵᠢᠴᠢ ᠭᠡᠷ ᠲᠡᠭᠡᠨ ᠪᠠᠶᠢᠭ᠎ᠠ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃        ᠬᠤᠶᠠᠳᠤᠭᠠᠷ ᠡᠭᠡᠯᠵᠢ ᠶᠢᠨ ᠰᠢ ᠶᠢᠨ ᠫᠢᠩ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠰᠦᠨ ᠱᠤ᠋ ᠲᠤᠤ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠵᠤ᠂ ᠬᠤᠶᠠᠷ ᠶᠡᠭᠡ ᠶᠠᠪᠤᠳᠠᠯ ᠢ ᠮᠠᠨ ᠤ ᠬᠤᠰᠢᠭᠤᠨ ᠳᠤ ᠦᠨᠳᠦᠰᠦᠯᠡᠭᠦᠯᠦᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ  ᠠᠬᠢᠭᠤᠯᠬᠤ︾ ᠭᠡᠬᠦ ᠪᠠᠷ ᠭᠤᠣᠯ ᠰᠡᠳᠦᠪ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠳᠠᠬᠢᠨ ᠰᠠᠨᠠᠭᠠᠯᠵᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠡᠮᠬᠢᠯᠡᠨ ᠳᠢᠭᠯᠡᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ᠣᠷᠣᠨ ᠠᠶᠢᠮᠠᠭ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠬᠡᠷᠬᠢᠨ ᠨᠠᠶᠢᠳᠠᠪᠤᠷᠢᠵᠢᠭᠤᠯᠬᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠬᠢᠨ ᠬᠠᠮᠠᠭᠠᠯᠠᠵᠤ᠂ ᠨᠡᠩ ᠥᠨᠳᠥᠷ ᠵᠣᠭᠰᠣᠴᠠ ᠪᠠᠷ ᠤᠮᠠᠷᠠᠰᠢ ᠨᠡᠭᠡᠭᠡᠯᠲᠡ ᠬᠢᠬᠦ ᠶᠢ ᠲᠥᠯᠥᠪᠵᠢᠭᠦᠯᠵᠦ᠂ ᠨᠡᠩ ᠶᠡᠭᠡ ᠪᠠᠶᠢᠷᠢᠰᠢᠯ ᠢᠶᠠᠷ ᠣᠷᠣᠨ ᠪᠦᠰᠡ ᠶᠢᠨ ᠬᠥᠭᠵᠢᠯᠲᠡ ᠶᠢ ᠠᠬᠢᠭᠤᠯᠵᠤ᠂ ᠨᠡᠩ ᠥᠷᠭᠡᠨ ᠬᠠᠷᠠᠴᠠ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠠᠬᠢᠭᠤᠯᠵᠤ᠂ ᠡᠭᠦᠨ ᠤ ᠬᠠᠮᠲᠤ ᠬᠦᠴᠦᠨ ᠢᠶᠠᠨ ᠲᠥᠪᠯᠡᠷᠡᠭᠦᠯᠦᠨ ᠵᠢᠷᠭᠤᠭᠠᠨ ︽ᠪᠡᠭᠡᠵᠢᠩ ᠤᠨ ᠨᠠᠷᠠᠲᠤ ᠲᠡᠮᠳᠡᠭ︾ ᠢ ᠪᠣᠶ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠦᠷᠦᠭᠦᠯᠡᠨ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃     ᠰᠦᠨ ᠱᠤ᠋ ᠲᠤᠤ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠲᠠᠪᠤᠨ ᠠᠷᠭ᠎ᠠ ᠬᠡᠮᠵᠢᠶ᠎ᠡ ᠶᠢ ᠠᠭᠤᠰᠤᠯᠴᠠᠭᠤᠯᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠲᠦᠷᠦᠯ ᠬᠤᠪᠢᠶᠠᠨ ᠵᠢᠯᠤᠭᠤᠳᠬᠤ ᠪᠠ ᠯᠠᠪᠳᠠᠭᠤᠨ ᠢᠶᠠᠷ ᠠᠬᠢᠭᠤᠯᠬᠤ︾ ᠳᠡᠭᠡᠷ᠎ᠡ ᠬᠦᠴᠦᠯᠡᠨ ᠴᠢᠷᠮᠠᠶᠢᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠪᠠ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠮᠠᠶ᠋ᠢᠭ ᠲᠤ ᠲᠦᠰᠢᠭᠯᠡᠨ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠠᠮᠲᠤ ᠶᠢᠨ ᠰᠤᠷᠤᠯᠴᠠᠯᠭ᠎ᠠ ᠶᠢᠨ ᠤᠳᠠᠭ᠎ᠠ ᠳᠠᠷᠠᠭ᠎ᠠ ᠪᠠ ᠨᠢᠭᠲᠠᠴᠠ ᠶᠢ ᠨᠡᠮᠡᠭᠳᠡᠭᠦᠯᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠯᠪᠡᠷᠢ ᠪᠠ ᠠᠷᠭ᠎ᠠ ᠶᠢ ᠴᠢᠩᠭᠠᠳᠬᠠᠵᠤ᠂ ᠡᠭᠦᠨ ᠳᠤ ᠰᠤᠮᠤ ᠰᠢᠶᠠᠩ ᠪᠠᠯᠭᠠᠰᠤ ᠨᠢ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠶᠢ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ︾ ᠳᠡᠭᠡᠷ᠎ᠡ ᠲᠠᠯᠪᠢᠬᠤ ᠶᠢᠨ ᠬᠠᠮᠲᠤ᠂ ᠭᠤᠣᠯ ᠰᠡᠳᠦᠪᠲᠦ ᠬᠥᠮᠦᠵᠢᠯ ᠢ ᠬᠠᠷᠢᠶ᠎ᠠ ᠭᠠᠴᠠᠭ᠎ᠠ ᠲᠣᠰᠬᠤᠨ ᠤ ᠪᠠᠲᠤ ᠴᠢᠩᠭ᠎ᠠ ᠪᠠᠬᠢᠯᠡᠯᠲᠡ ᠨᠠᠮ ᠤᠨ ᠡᠭᠦᠷ ᠪᠠᠶᠢᠭᠤᠯᠬᠤ  ᠯᠤᠭ᠎ᠠ ᠬᠠᠷᠢᠯᠴᠠᠨ ᠤᠶᠠᠯᠳᠤᠭᠤᠯᠵᠤ᠂ ︽ᠬᠤᠶᠠᠷ ᠵᠥᠪᠯᠡᠯ︾ ᠤᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠦᠨᠡᠨᠬᠦ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠪᠠᠷ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号