2023 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠵᠦᠢᠯᠡᠰ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/10/6
   ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠣᠲᠣ ᠦᠶ᠎ᠡ ᠶᠢᠨ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠪᠠ᠃    ᠨᠢᠭᠡ᠂ ᠬᠠᠷᠠᠯᠲᠠ ᠶᠢᠨ ᠡᠭᠦᠷᠭᠡ    2023 ᠣᠨ ᠳᠤ ᠮᠠᠨ ᠤ ᠬᠤᠰᠢᠭᠤᠨ ᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠬᠠᠷᠠᠯᠲᠠ ᠶᠢᠨ ᠡᠭᠦᠷᠭᠡ ᠪᠣᠯ ᠳᠠᠷᠤᠰᠢ ᠶᠢᠨ ᠳᠠᠷᠢᠬᠤ ᠲᠠᠯᠠᠪᠠᠶ 5.08 ᠲᠦᠮᠡᠨ ᠮᠦ ᠪᠠᠶᠢᠵᠤ᠂ ᠨᠥᠬᠦᠪᠦᠷᠢ ᠪᠠ ᠬᠠᠳᠠᠭᠠᠯᠠᠭᠳᠠᠴᠠ ᠶᠢᠨ ᠬᠡᠮᠵᠢᠶ᠎ᠡ 15.24 ᠲᠦᠮᠡᠨ ᠲᠣᠨ ᠪᠠᠶᠢᠵᠤ᠂ 762 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃    ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠨᠥᠬᠦᠪᠦᠷᠢ ᠶᠢᠨ ᠠᠭᠤᠯᠭ᠎ᠠ᠄ ᠨᠥᠬᠦᠪᠦᠷᠢ ᠶᠢᠨ ᠪᠡᠯᠡ ᠮᠥᠩᠭᠦ ᠶᠢ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ᠂ ᠪᠣᠷᠳᠣᠭᠠᠨ ᠳᠤ ᠬᠡᠷᠡᠭᠯᠡᠬᠦ ᠰᠢᠰᠢ᠂ ᠮᠥᠭᠦᠲᠦ ᠡᠪᠡᠰᠦ ᠵᠢᠴᠢ ᠪᠤᠰᠤᠳ ᠴᠢᠨᠠᠷ ᠰᠠᠶᠢᠲᠠᠢ ᠲᠡᠵᠢᠭᠡᠯ ᠡᠪᠡᠰᠦ ᠶᠢ ᠳᠠᠷᠤᠰᠢᠭᠤᠯᠤᠨ ᠬᠤᠷᠢᠶᠠᠨ ᠬᠠᠳᠠᠭᠠᠯᠠᠬᠤ ᠳᠤ ᠬᠡᠷᠡᠭᠯᠡᠨ᠎ᠡ᠃    ︵ᠬᠤᠶᠠᠷ︶ ᠨᠥᠬᠦᠪᠦᠷᠢ ᠥᠭᠬᠦ ᠠᠷᠭ᠎ᠠ ᠮᠠᠶ᠋ᠢᠭ᠄ ᠤᠷᠢᠳᠠᠪᠠᠷ ᠨᠥᠭᠡᠴᠡᠯᠡᠵᠦ ᠳᠠᠷᠠᠭ᠎ᠠ ᠨᠢ ᠨᠥᠬᠦᠪᠦᠷᠢᠯᠡᠨ᠎ᠡ᠃    ︵ᠭᠤᠷᠪᠠ︶ ᠨᠥᠬᠦᠪᠦᠷᠢ ᠣᠯᠭᠤᠬᠤ ᠡᠲᠡᠭᠡᠳ᠄ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠲᠠᠯᠠᠪᠠᠶ ︵ᠡᠷᠦᠬᠡ︶᠂ ᠠᠵᠤ ᠠᠬᠤᠶᠢᠯᠠᠯ ᠪᠤᠶᠤ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠢᠴᠢ ᠲᠤᠰᠬᠠᠶᠢᠵᠢᠭᠰᠠᠨ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠭᠤᠣᠯ ᠴᠣᠭᠴᠠ ᠶᠢ ᠳᠡᠮᠵᠢᠨ᠎ᠡ᠃ ᠡᠷᠳᠡᠨᠢ ᠰᠢᠰᠢ ᠶᠢᠨ ᠦᠢᠯᠡᠳᠪᠦᠷᠢᠯᠡᠭᠴᠢ ᠶᠢᠨ ᠨᠥᠬᠦᠪᠦᠷᠢ ᠣᠯᠬᠤ ᠪᠤᠶᠤ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠨᠠᠷ ᠰᠠᠶᠢᠲᠠᠢ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠨᠥᠬᠦᠪᠦᠷᠢ ᠣᠯᠬᠤ ᠭᠤᠣᠯ ᠴᠣᠭᠴᠠ ᠨᠢ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠨᠥᠬᠦᠪᠦᠷᠢ ᠶᠢ ᠳᠠᠭᠢᠵᠤ ᠭᠥᠷᠳᠡᠬᠦ ᠦᠭᠡᠢ᠃ ᠲᠡᠵᠢᠭᠡᠨ ᠦᠷᠡᠵᠢᠭᠦᠯᠬᠦ ᠭᠤᠣᠯ ᠴᠣᠭᠴᠠ ᠨᠢ ᠠᠯᠠᠰᠢᠨ ᠦᠬᠡᠷ 50 ᠲᠣᠯᠣᠭᠠᠢ  ᠠᠴᠠ ᠳᠡᠭᠡᠭᠰᠢ ᠪᠤᠶᠤ ᠠᠯᠠᠰᠢᠨ ᠬᠤᠨᠢᠨ ᠤ ᠲᠤᠭ᠎ᠠ 300 ᠲᠣᠯᠣᠭᠠᠢ  ᠠᠴᠠ ᠳᠡᠭᠡᠭᠰᠢ ᠪᠠᠶᠢᠬᠤ ᠶᠢ ᠱᠠᠭᠠᠷᠳᠠᠨ᠎ᠠ᠃ ᠳᠠᠷᠤᠰᠢᠭᠤᠯᠬᠤ ᠵᠣᠭᠤᠷᠢ ᠨᠢ ᠬᠠᠲᠠᠭᠤᠷᠠᠭᠰᠠᠨ ᠪᠠᠷᠢᠮᠵᠢᠶᠠᠵᠢᠭᠰᠠᠨ ᠳᠠᠷᠤᠰᠢᠭᠤᠯᠬᠤ ᠵᠣᠭᠤᠷᠢ ᠪᠠᠶᠢᠬᠤ  ᠶᠢ ᠱᠠᠭᠠᠷᠳᠠᠨ᠎ᠠ᠃    ︵ᠳᠥᠷᠪᠡ︶ ᠨᠥᠬᠦᠪᠦᠷᠢ ᠶᠢᠨ ᠪᠠᠷᠢᠮᠵᠢᠶ᠎ᠠ᠄ ᠨᠣᠭᠤᠭᠠᠨ ᠳᠠᠷᠤᠰᠢ ᠶᠢᠨ ᠲᠡᠵᠢᠭᠡᠯ ᠡᠪᠡᠰᠦ ᠪᠣᠷᠳᠣᠭᠠᠨ ᠤ ᠲᠣᠨ ᠪᠦᠷᠢ ᠶᠢᠨ ᠨᠥᠬᠦᠪᠦᠷᠢ ᠶᠢ 50 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠨᠣᠭᠤᠭᠠᠨ ᠳᠠᠷᠤᠰᠢ ᠶᠢᠨ ᠲᠣᠨ ᠪᠦᠷᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠤᠷᠢᠶᠠᠨ ᠬᠠᠳᠠᠭᠠᠯᠠᠬᠤ ᠶᠢ ᠰᠢᠯᠭᠠᠨ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠲᠥᠷᠥᠯ ᠵᠦᠢᠯ ᠤᠨ ᠨᠥᠬᠦᠪᠦᠷᠢ ᠶᠢᠨ ᠪᠡᠯᠡ ᠮᠥᠩᠭᠦ ᠶᠢ ᠪᠥᠬᠦ ᠬᠤᠰᠢᠭᠤᠨ ᠤ ᠶᠡᠷᠦᠩᠬᠡᠢ ᠬᠤᠷᠢᠶᠠᠨ ᠬᠠᠳᠠᠭᠠᠯᠠᠯᠲᠠ ᠶᠢᠨ ᠬᠡᠮᠵᠢᠶ᠎ᠡ ᠪᠠᠷ ᠬᠤᠪᠢᠶᠠᠵᠤ ᠲᠣᠭᠲᠠᠭᠠᠨ᠎ᠠ ︵ᠬᠤᠷᠢᠶᠠᠨ ᠬᠠᠳᠠᠭᠠᠯᠠᠯᠲᠠ ᠶᠢᠨ ᠪᠠᠭᠲᠠᠭᠠᠮᠵᠢ × ᠢᠯᠡᠳᠬᠡᠮᠵᠢ = ᠪᠣᠳᠠᠲᠠᠢ ᠬᠤᠷᠢᠶᠠᠨ ᠬᠠᠳᠠᠭᠠᠯᠠᠯᠲᠠ ᠶᠢᠨ ᠬᠡᠮᠵᠢᠶ᠎ᠡ᠂ ᠢᠯᠡᠳᠬᠡᠮᠵᠢ ᠨᠢ 0.6 ︱ 0.8 ᠶᠢᠨ ᠬᠤᠭᠤᠷᠣᠨᠳᠤ ᠪᠠᠶᠢᠳᠠᠭ︶᠃    ᠭᠤᠷᠪᠠ᠂ ᠬᠡᠷᠡᠭᠵᠢᠭᠦᠯᠬᠦ ᠲᠠᠰ ᠳᠠᠷᠠᠭᠠᠯᠠᠯ    ︵ᠨᠢᠭᠡ︶ ᠬᠤᠳᠠᠯᠳᠤᠨ ᠠᠪᠴᠤ ᠬᠠᠳᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ︶᠂ ᠤᠯᠤᠰ ᠤᠨ ᠡᠵᠡᠩᠨᠡᠯᠲᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠪᠠᠷ ᠳᠡᠮᠵᠢᠨ᠂ ᠭᠤᠣᠯ ᠴᠣᠭᠴᠠ ᠶᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠭᠤᠶᠤᠴᠢᠯᠠᠯ ᠢ ᠬᠢᠨᠠᠨ ᠬᠠᠷᠭᠤᠭᠤᠯᠬᠤ ᠬᠦᠰᠦᠨᠦᠭᠲᠦ ᠶᠢ ᠲᠠᠭᠯᠠᠵᠤ᠂ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ ᠪᠠᠷ ᠱᠠᠲᠤ ᠳᠠᠷᠠᠭᠠᠯᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠥᠬᠡ ᠳᠠᠷᠤᠰᠢ ᠶᠢᠨ ᠬᠤᠷᠢᠶᠠᠨ ᠬᠠᠳᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠃    ︵ᠬᠤᠶᠠᠷ︶ ᠬᠤᠷᠢᠶᠠᠨ ᠬᠠᠳᠠᠭᠠᠯᠠᠬᠤ ᠭᠤᠣᠯ ᠴᠣᠭᠴᠠ ᠶᠢ ᠰᠢᠯᠭᠠᠨ ᠬᠤᠷᠢᠶᠠᠬᠤ᠃ ᠬᠤᠳᠠᠯᠳᠤᠨ ᠠᠪᠴᠤ ᠨᠥᠭᠡᠴᠡᠯᠡᠵᠦ ᠳᠠᠭᠤᠰᠤᠭᠰᠠᠨ ᠤ ᠳᠠᠷᠠᠭ᠎ᠠ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠳᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠰᠢᠯᠭᠠᠨ ᠠᠪᠬᠤ ᠠᠵᠢᠯᠲᠠᠳ ᠲᠠᠯᠠᠪᠠᠶ ᠪᠠ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠳᠠᠷᠤᠰᠢᠭᠤᠯᠤᠭᠰᠠᠨ ᠬᠠᠳᠠᠭᠠᠯᠠᠭᠳᠠᠴᠠ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠬᠠᠳᠠᠭᠠᠯᠠᠬᠤ  ᠠᠴᠠ ᠡᠮᠦᠨᠡᠬᠢ᠂ ᠬᠠᠳᠠᠭᠠᠯᠠᠭᠰᠠᠨ ᠤ ᠳᠠᠷᠠᠭᠠᠬᠢ ᠳᠠᠷᠤᠰᠢᠭᠤᠯᠤᠭᠰᠠᠨ ᠵᠣᠭᠤᠷᠢ ᠶᠢᠨ ᠬᠡᠷᠡᠯ ᠵᠢᠷᠤᠭ ᠢ ᠬᠠᠳᠠᠭᠠᠯᠠᠬᠤ ᠬᠡᠷᠡᠭᠲᠡᠢ᠃ ᠬᠢᠨᠠᠨ ᠲᠣᠭᠲᠠᠭᠠᠭᠰᠠᠨ ᠬᠥᠬᠡ ᠳᠠᠷᠤᠰᠢ ᠶᠢᠨ ᠬᠠᠳᠠᠭᠠᠯᠠᠭᠳᠠᠴᠠ ᠶᠢᠨ ᠬᠡᠮᠵᠢᠶ᠎ᠡ ᠶᠢ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠬᠠᠷᠢᠭᠤᠴᠠᠯᠭᠠᠲᠠᠨ᠂ ᠭᠠᠴᠠᠭ᠎ᠠ ︵ᠲᠣᠰᠬᠤᠨ︶ ᠶᠢᠨ ᠲᠣᠰᠬᠤᠨ ᠤ ᠵᠥᠪᠯᠡᠯ ᠤᠨ ᠬᠠᠷᠢᠭᠤᠴᠠᠯᠭᠠᠲᠠᠨ ᠵᠢᠴᠢ ᠰᠢᠯᠭᠠᠨ ᠠᠪᠬᠤ ᠳᠤᠭᠤᠶᠢᠯᠠᠩ ᠤᠨ ᠬᠥᠮᠥᠰ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠬᠤ ᠬᠡᠷᠡᠭᠲᠡᠢ᠃ ᠰᠢᠶᠠᠩ ᠪᠠᠯᠭᠠᠰᠤ ᠠᠯᠤᠰᠯᠠᠭᠰᠠᠨ ᠬᠤᠳᠠᠯᠳᠤᠨ ᠠᠪᠴᠤ ᠬᠠᠳᠠᠭᠠᠯᠠᠬᠤ ᠭᠤᠣᠯ ᠴᠣᠭᠴᠠ ᠶᠢ ᠬᠤᠳᠠᠯᠳᠤᠨ ᠠᠪᠴᠤ ᠬᠠᠳᠠᠭᠠᠯᠠᠬᠤ ᠭᠠᠵᠠᠷ ᠢᠶᠠᠷ ᠦᠨᠳᠦᠰᠦᠯᠡᠯ ᠪᠣᠯᠭᠠᠵᠤ ᠰᠢᠯᠭᠠᠨ ᠠᠪᠤᠨ᠎ᠠ᠃    ︵ᠭᠤᠷᠪᠠ︶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠰᠤᠭᠤᠴᠢᠨ ᠪᠠᠶᠢᠴᠠᠭᠠᠵᠤ ᠬᠠᠷᠭᠤᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ︵ᠲᠥᠪ︶᠂ ᠤᠯᠤᠰ ᠤᠨ ᠡᠵᠡᠩᠨᠡᠯᠲᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠢᠯᠭᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠬᠢᠨᠠᠨ ᠪᠠᠶᠢᠴᠠᠭᠠᠵᠤ᠂ ᠡᠩ ᠲᠡᠷᠢᠭᠦᠨ ᠳᠤ ᠲᠥᠷᠥᠯ ᠵᠦᠢᠯ ᠤᠨ ᠭᠤᠣᠯ ᠴᠣᠭᠴᠠ ᠶᠢᠨ ᠲᠠᠩᠰᠠ ᠡᠪᠬᠡᠮᠡᠯ ᠢ ᠬᠠᠷᠭᠤᠭᠤᠯᠤᠨ ᠪᠠᠶᠢᠴᠠᠭᠠᠵᠤ᠂ ᠲᠥᠷᠥᠯ ᠵᠦᠢᠯ ᠤᠨ ᠲᠠᠩᠰᠠ ᠡᠪᠬᠡᠮᠡᠯ ᠪᠦᠷᠢᠨ ᠪᠤᠰᠤ ᠶᠢ ᠨᠢ ᠰᠢᠯᠭᠠᠨ ᠠᠪᠬᠤ ᠦᠭᠡᠢ᠂ ᠲᠠᠩᠰᠠ ᠡᠪᠬᠡᠮᠡᠯ ᠤᠨ ᠮᠠᠲ᠋ᠧᠷᠢᠶᠠᠯ ᠢᠶᠠᠷ ᠪᠦᠷᠢᠨ ᠲᠡᠭᠦᠯᠳᠡᠷ ᠰᠤᠮᠤ ᠰᠢᠶᠠᠩ ᠪᠠᠯᠭᠠᠰᠤ ᠲᠠᠯᠠᠪᠠᠶ ᠳᠤ᠂ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠶᠡᠷᠦᠩᠬᠡᠢ ᠲᠣᠭᠠᠨ ᠤ 20% ᠪᠠᠷ ᠰᠣᠩᠭᠤᠨ ᠪᠠᠶᠢᠴᠠᠭᠠᠯᠲᠠ ᠬᠢᠨ᠎ᠡ᠂ ᠬᠡᠷᠪᠡ ᠰᠣᠩᠭᠤᠨ ᠪᠠᠶᠢᠴᠠᠭᠠᠬᠤ ᠳᠤ ᠬᠤᠳᠠᠯ ᠢᠶᠠᠷ ᠮᠡᠳᠡᠭᠦᠯᠬᠦ ᠦᠵᠡᠭᠳᠡᠯ ᠪᠠᠶᠢᠬᠤ ᠶᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠲᠥᠷᠥᠯ ᠵᠦᠢᠯ ᠤᠨ ᠨᠥᠬᠦᠪᠦᠷᠢ ᠥᠭᠬᠦ ᠬᠢᠷᠢ ᠬᠡᠮ ᠢ ᠬᠦᠴᠦᠨ ᠦᠭᠡᠢ ᠪᠣᠯᠭᠠᠵᠤ᠂ ᠡᠭᠦᠨ ᠠᠴᠠ ᠪᠣᠯᠤᠭᠰᠠᠨ ᠠᠯᠢᠪᠠ ᠦᠷ᠎ᠡ ᠳ᠋ᠦᠩ ᠢ ᠬᠤᠷᠢᠶᠠᠨ ᠬᠠᠳᠠᠭᠠᠯᠠᠬᠤ ᠭᠤᠣᠯ ᠴᠣᠭᠴᠠ ᠪᠣᠯᠣᠨ ᠬᠠᠷᠢᠶ᠎ᠠ ᠭᠠᠵᠠᠷ ᠤᠨ ᠰᠢᠶᠠᠩ ᠪᠠᠯᠭᠠᠰᠤ ᠶᠢᠨ ᠵᠠᠰᠠᠭ ᠤᠨ ᠣᠷᠳᠣᠨ  ᠠᠴᠠ ᠬᠠᠷᠢᠭᠤᠴᠠᠨ᠎ᠠ᠃    ︵ᠳᠥᠷᠪᠡ︶ ᠨᠥᠬᠦᠪᠦᠷᠢ ᠶᠢ ᠢᠯᠡ ᠨᠡᠶᠢᠲᠡᠯᠡᠵᠦ᠂ ᠪᠡᠯᠡᠨ ᠵᠣᠭᠤᠰ ᠪᠣᠯᠭᠠᠨ᠎ᠠ᠃ ᠨᠥᠬᠦᠪᠦᠷᠢ ᠥᠭᠬᠦ ᠡᠲᠡᠭᠡᠳ᠂ ᠨᠥᠬᠦᠪᠦᠷᠢ ᠥᠭᠬᠦ ᠪᠠᠷᠢᠮᠵᠢᠶ᠎ᠠ᠂ ᠨᠥᠬᠦᠪᠦᠷᠢ ᠥᠭᠬᠦ ᠲᠤᠭ᠎ᠠ ᠬᠡᠮᠵᠢᠶ᠎ᠡ ᠵᠡᠷᠭᠡ ᠶᠢ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ ᠵᠠᠷ ᠨᠠᠭᠠᠵᠤ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ︽ᠪᠦᠬᠦᠨ ᠳᠤ ᠲᠣᠬᠢᠷᠠᠬᠤ ᠺᠠᠷᠲ︾ ᠪᠤᠶᠤ ᠡᠳ᠋ ᠤᠨ ᠵᠠᠰᠠᠭ ᠤᠨ ᠰᠢᠭᠤᠳ ᠰᠠᠯᠭᠠᠨ ᠥᠭᠬᠦ ᠠᠷᠭ᠎ᠠ ᠮᠠᠶ᠋ᠢᠭ ᠢᠶᠠᠷ ᠲᠥᠯᠥᠨ᠎ᠡ᠃    ᠳᠥᠷᠪᠡ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠪᠦᠷᠢᠯᠳᠦᠭᠦᠨ ᠨᠢᠭᠡᠴᠡ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠷ᠎ᠡ ᠠᠴᠠ ᠳᠣᠷᠣᠭᠰᠢ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠵᠣᠬᠢᠶᠠᠨ ᠪᠠᠶᠢᠭᠤᠯᠤᠯᠲᠠ ᠶᠢᠨ ᠲᠥᠯᠥᠪᠯᠡᠭᠡ ᠶᠢ ᠪᠣᠳᠠᠲᠠᠶᠢᠵᠢᠭᠤᠯᠵᠤ᠂ ᠪᠠᠶᠢᠳᠠᠯ ᠤᠨ ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠮᠡᠷᠭᠡᠵᠢᠯ ᠤᠨ ᠦᠢᠯᠡᠴᠢᠯᠡᠭᠡ ᠶᠢ ᠪᠣᠳᠠᠲᠠᠶᠢᠵᠢᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠦᠨ᠎ᠡ᠃    ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠢᠯ ᠤᠨ ᠡᠬᠢᠨ ᠳᠤ ᠲᠠᠩᠰᠠ ᠪᠠᠶᠢᠭᠤᠯᠬᠤ᠂ ᠵᠢᠯ ᠤᠨ ᠣᠨ ᠳᠤ ᠲᠠᠩᠰᠠ ᠪᠠᠶᠢᠴᠠᠭᠠᠬᠤ᠂ ᠵᠢᠯ ᠤᠨ ᠰᠡᠭᠦᠯᠴᠢ ᠳᠤ ᠲᠠᠩᠰᠠ ᠪᠤᠳᠤᠬᠤ︾ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠭᠦᠢᠴᠡᠳᠬᠡᠵᠦ᠂ ᠴᠠᠭ ᠲᠤᠬᠠᠢ ᠳᠤᠨᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠥᠷᠨᠢᠭᠦᠯᠵᠦ᠂ ᠬᠤᠷᠢᠶᠠᠨ ᠬᠠᠳᠠᠭᠠᠯᠠᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃    ︵ᠭᠤᠷᠪᠠ︶ ᠨᠠᠷᠢᠯᠢᠭ ᠣᠨᠣᠴᠠᠲᠠᠢ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠮᠡᠳᠡᠭᠡ ᠵᠠᠩᠭᠢ ᠶᠢᠨ ᠪᠦᠷᠢᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠬᠥᠮᠥᠨ ᠲᠣᠬᠢᠷᠠᠭᠤᠯᠤᠨ ᠲᠤᠭ᠎ᠠ ᠪᠦᠷᠢᠳᠬᠡᠭᠴᠢ ᠪᠣᠯᠭᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠤᠨ᠎ᠠ᠃ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠠᠰᠢᠭ ᠭᠥᠷᠳᠡᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠪᠠ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠰᠠᠭᠤᠷᠢ ᠮᠡᠳᠡᠭᠡ ᠵᠠᠩᠭᠢ ᠶᠢ ᠰᠢᠩᠭᠡᠬᠡᠨ ᠣᠷᠣᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ︽ᠠᠰᠢᠭ ᠭᠥᠷᠳᠡᠬᠦ ᠡᠲᠡᠭᠡᠳ ᠨᠢ ᠲᠣᠳᠣᠷᠬᠠᠢ᠂ ᠳᠠᠷᠢᠵᠤ ᠬᠠᠳᠠᠭᠠᠯᠠᠬᠤ ᠭᠠᠵᠠᠷ ᠨᠢ ᠲᠣᠳᠣᠷᠬᠠᠢ᠂ ᠨᠥᠬᠦᠪᠦᠷᠢ ᠥᠭᠬᠦ ᠲᠤᠭ᠎ᠠ ᠬᠡᠮᠵᠢᠶ᠎ᠡ ᠨᠢ ᠣᠨᠣᠪᠴᠢᠲᠠᠶ᠂ ᠵᠣᠭᠤᠰ ᠮᠥᠩᠭᠦ ᠡᠳ᠋ ᠪᠣᠳᠠᠰ ᠤᠨ ᠡᠬᠡ ᠲᠠᠩᠰᠠ ᠨᠢ ᠨᠠᠷᠢᠨ ᠲᠣᠳᠣᠷᠬᠠᠢ︾ ᠪᠠᠶᠢᠬᠤ ᠶᠢ ᠪᠡᠶᠡᠯᠡᠭᠦᠯᠬᠦ ᠶᠢᠨ ᠬᠠᠮᠲᠤ ᠴᠢᠬᠤᠯᠠ ᠪᠦᠬᠦᠢ ᠲᠥᠷᠥᠯ ᠵᠦᠢᠯ ᠤᠨ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠢ᠃    ︵ᠳᠥᠷᠪᠡ︶ ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠮᠡᠷᠭᠡᠵᠢᠯ ᠤᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠢᠯᠡᠳᠪᠦᠷᠢᠯᠡᠯ ᠤᠨ ᠠᠵᠢᠯᠯᠠᠭ᠎ᠠ ᠶᠢ ᠵᠢᠯᠤᠭᠤᠳᠴᠤ᠂ ᠳᠠᠷᠤᠰᠢ ᠶᠢᠨ ᠳᠠᠷᠢᠬᠤ᠂ ᠬᠤᠷᠢᠶᠠᠬᠤ᠂ ᠡᠳ᠋ᠰᠢᠭᠦᠯᠬᠦ ᠪᠠ ᠲᠡᠵᠢᠭᠡᠬᠦ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠪᠠ ᠮᠥᠷᠳᠡᠯᠲᠡ ᠶᠢᠨ ᠦᠢᠯᠡᠴᠢᠯᠡᠭᠡ ᠶᠢ ᠪᠥᠬᠦ ᠶᠠᠪᠤᠴᠠ ᠳᠤ ᠰᠠᠶᠢᠲᠤᠷ ᠬᠢᠵᠦ᠂ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠶᠢᠨ ᠣᠨᠣᠪᠴᠢᠲᠠᠶ᠂ ᠰᠠᠶᠢᠨ ᠳᠠᠷᠢᠬᠤ᠂ ᠲᠦᠷᠭᠡᠨ ᠬᠤᠷᠢᠶᠠᠬᠤ᠂ ᠠᠷᠪᠢᠨ ᠬᠠᠳᠠᠭᠠᠯᠠᠬᠤ᠂ ᠰᠠᠶᠢᠨ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠮᠠᠰᠢᠨᠴᠢᠯᠠᠭᠰᠠᠨ ᠬᠤᠷᠢᠶᠠᠨ ᠬᠠᠳᠠᠭᠠᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠮᠠᠰᠢᠨ ᠲᠥᠬᠦᠭᠡᠷᠦᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ ᠮᠠᠰᠢᠨᠴᠢᠯᠠᠭᠰᠠᠨ ᠦᠢᠯᠡᠴᠢᠯᠡᠭᠡ ᠶᠢ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃    ︵ᠲᠠᠪᠤ︶ ᠪᠣᠯᠪᠠᠰᠤᠷᠠᠭᠤᠯᠤᠯ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠲᠧᠯᠸᠢᠰ᠂ ᠷᠠᠳᠢ᠂ ᠨᠡᠪᠲᠡᠷᠡᠭᠦᠯᠭᠡ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ  ᠢ ᠭᠦᠢᠴᠡᠳ ᠠᠰᠢᠭᠯᠠᠨ᠂ ᠭᠤᠣᠯ ᠰᠡᠳᠦᠪ ᠨᠢ ᠲᠣᠪᠣᠶᠢᠮ᠎ᠠ᠂ ᠬᠡᠯᠪᠡᠷᠢ ᠨᠢ ᠤᠯᠠᠨ ᠶᠠᠩᠵᠤ ᠶᠢᠨ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠡᠯ᠎ᠡ ᠭᠠᠵᠠᠷ ᠤᠨ ᠲᠤᠷᠰᠢᠯᠲᠠ ᠶᠢᠨ ᠠᠵᠢᠯ ᠥᠷᠨᠢᠭᠦᠯᠦᠭᠰᠡᠨ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠨᠡᠶᠢᠲᠡᠯᠢᠭ ᠵᠢᠱᠢᠶ᠎ᠡ ᠶᠢ ᠳᠥᠢᠩᠨᠡᠨ ᠳᠡᠯᠭᠡᠷᠡᠭᠦᠯᠬᠦ ᠶᠢ ᠴᠢᠬᠤᠯᠠᠴᠢᠯᠠᠨ᠎ᠠ᠃ ᠲᠥᠪᠯᠡᠷᠡᠭᠦᠯᠦᠨ ᠬᠢᠴᠢᠶᠡᠯᠯᠡᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠯᠴᠠᠨ ᠰᠤᠳᠤᠯᠵᠤ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠷᠢᠵᠤ ᠲᠡᠵᠢᠭᠡᠬᠦ ᠭᠤᠣᠯ ᠴᠣᠭᠴᠠ ᠶᠢ ᠬᠠᠪᠰᠤᠷᠤᠨ ᠲᠠᠨᠢᠯᠲᠠ ᠶᠢ ᠨᠢ ᠳᠡᠭᠡᠭᠰᠢᠯᠡᠭᠦᠯᠵᠦ᠂ ᠮᠡᠷᠭᠡᠵᠢᠯ ᠢ ᠨᠢ ᠡᠵᠡᠮᠰᠢᠨ᠂ ᠠᠰᠢᠭ ᠣᠷᠣᠯᠭ᠎ᠠ ᠶᠢ ᠨᠢ ᠳᠡᠭᠡᠭᠰᠢᠯᠡᠭᠦᠯᠵᠦ᠂ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号