ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/10/7
ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ   ᠬᠢᠩᠭᠠᠨ ᠠᠶᠢᠮᠠᠭ ᠤᠨ ᠵᠠᠬᠢᠷᠭ᠎ᠠ ᠶᠢᠨ ︽︿ᠬᠢᠩᠭᠠᠨ ᠠᠶᠢᠮᠠᠭ ᠤᠨ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ︵2O22 ︱ 2O25 ᠣᠨ︶︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠰᠢᠩ ᠱᠤ᠋ ᠥᠰᠥᠭ ﹇2022﹈ 143 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠠᠮᠤ ᠪᠤᠳᠠᠭ᠎ᠠ ᠶᠢ ᠠᠷᠪᠢᠯᠠᠵᠤ  ᠬᠤᠬᠢᠷᠠᠯ ᠢ ᠪᠠᠭᠠᠰᠬᠠᠬᠤ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ︵ᠰᠢᠩ ᠨᠥᠭᠡᠴᠡᠯᠡᠬᠦ ᠥᠰᠥᠭ ﹇2023﹈ 1 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠨᠥᠭᠡᠴᠡᠯᠡᠬᠦ ᠶᠢ ᠰᠢᠨᠵᠢᠯᠡᠬᠦ ᠤᠬᠠᠭᠠᠨᠴᠢᠯᠠᠬᠤ ᠶᠢ ᠵᠢᠯᠤᠭᠤᠳᠴᠤ᠂ ᠠᠮᠤ ᠪᠤᠳᠠᠭᠠᠨ ᠤ ᠬᠤᠬᠢᠷᠠᠯ ᠰᠦᠢᠳᠦᠯ ᠢ ᠦᠨᠡᠨ ᠬᠦ ᠪᠠᠭᠠᠰᠬᠠᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ᠨᠢᠭᠡ᠂ ᠶᠡᠷᠦᠩᠬᠡᠢ ᠬᠠᠷᠠᠯᠲᠠ ︵ᠨᠢᠭᠡ︶ ᠠᠮᠤ ᠪᠤᠳᠠᠭ᠎ᠠ ᠨᠥᠭᠡᠴᠡᠯᠡᠬᠦ ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠢ ᠲᠦᠷᠭᠡᠪᠴᠢᠯᠡᠨ ᠡᠭᠦᠳᠦᠨ ᠪᠠᠶᠢᠭᠤᠯᠤᠨ᠎ᠠ    2023 ᠣᠨ ᠳᠤ ᠮᠠᠨ ᠤ ᠬᠤᠰᠢᠭᠤᠨ ᠤ ᠡᠷᠳᠡᠨᠢ ᠰᠢᠰᠢ ᠳᠠᠷᠢᠬᠤ ᠲᠠᠯᠠᠪᠠᠶ 266 ᠲᠦᠮᠡᠨ ᠮᠦ ᠳᠤ ᠬᠦᠷᠴᠦ᠂ ᠵᠢᠱᠢᠯᠲᠡ ᠪᠠᠷ ᠤᠨᠠᠯᠲᠠ ᠨᠢ 130 ᠲᠦᠮᠡᠨ ᠲᠣᠨ ᠪᠣᠯᠣᠨ᠎ᠠ᠃ 2023 ᠣᠨ ᠤ 5 ᠰᠠᠷ᠎ᠠ ︱ 2024 ᠣᠨ ᠤ 1 ᠰᠠᠷ᠎ᠠ ᠶᠢᠨ ᠬᠤᠭᠤᠴᠠᠭᠠᠨ ᠳᠤ᠂ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ᠂ ᠠᠮᠤ ᠪᠤᠳᠠᠭᠠᠨ ᠤ ᠬᠤᠷᠣᠭᠳᠠᠯ ᠢ ᠪᠠᠭᠠᠰᠬᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠲᠤᠬᠠᠢ ᠶᠢᠨ ᠵᠢᠯ ᠤᠨ ᠤᠨᠠᠯᠲᠠ ᠶᠢᠨ 70% ᠠᠴᠠ ᠳᠡᠭᠡᠭᠰᠢᠬᠢ ᠡᠷᠳᠡᠨᠢ ᠰᠢᠰᠢ ᠶᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠪᠠᠲᠤᠯᠠᠨ᠎ᠠ᠃    ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ 9 ᠪᠣᠶ᠄  ᠴᠠᠷᠠᠰᠤᠨ ᠪᠠᠯᠭᠠᠰᠤ᠂  ᠳ᠋ᠠᠱᠢᠵᠠᠢ ᠪᠠᠯᠭᠠᠰᠤ᠂  ᠠᠯᠳᠠᠷ ᠰᠤᠮᠤ᠂  ᠲᠡᠪᠰᠡᠭ ᠪᠠᠯᠭᠠᠰᠤ᠂ ᠬᠤᠷᠴᠢᠨ ᠪᠠᠯᠭᠠᠰᠤ᠂   ᠵᠢᠷᠦᠬᠡᠨ ᠪᠠᠯᠭᠠᠰᠤ᠂ ᠭᠦᠢᠯᠡᠷ ᠪᠠᠯᠭᠠᠰᠤ᠂  ᠡᠷᠭᠢᠲᠦ ᠪᠠᠯᠭᠠᠰᠤ᠂ ᠰᠣᠯᠣᠨ ᠪᠠᠯᠭᠠᠰᠤ᠃ ᠬᠠᠷᠢᠶᠠᠲᠤ ᠣᠷᠣᠨ ᠤ ᠳᠣᠲᠣᠷᠠᠬᠢ ᠲᠤᠬᠠᠢ ᠶᠢᠨ ᠵᠢᠯ ᠤᠨ ᠭᠠᠷᠤᠯᠲᠠ ᠶᠢᠨ 80%  ᠠᠴᠠ ᠳᠡᠭᠡᠭᠰᠢᠬᠢ ᠡᠷᠳᠡᠨᠢ ᠰᠢᠰᠢ ᠶᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠬᠡᠷᠡᠭᠲᠡᠢ︔ ᠬᠠᠷᠢᠶᠠᠲᠤ ᠣᠷᠣᠨ ᠤ ᠳᠣᠲᠣᠷ᠎ᠠ ︽ᠰᠢᠨ᠎ᠡ ᠵᠢᠯ ᠤᠨ ᠰᠢᠨ᠎ᠡ ᠶᠢᠨ ᠨᠢᠭᠡᠨ ᠤ ᠳᠠᠷᠠᠭ᠎ᠠ ᠨᠦᠭᠡᠴᠡᠯᠡᠭᠰᠡᠨ ᠠᠮᠤ ᠪᠤᠳᠠᠭ᠎ᠠ ᠢᠯᠡᠷᠡᠬᠦ ᠦᠭᠡᠢ︾︔ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ᠢ ᠨᠦᠭᠡᠴᠡᠯᠡᠭᠰᠡᠨ ᠠᠮᠤ ᠪᠤᠳᠠᠭᠠᠨ ᠤ ᠶᠡᠷᠦᠩᠬᠡᠢ ᠬᠡᠮᠵᠢᠶ᠎ᠡ ᠶᠢᠨ 40% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    ᠵᠢᠱᠢᠶ᠎ᠡ ᠦᠵᠡᠭᠦᠯᠬᠦ ᠪᠤᠰᠤ ᠰᠢᠶᠠᠩ ᠪᠠᠯᠭᠠᠰᠤ᠄  ᠪᠤᠷᠭᠠᠰᠤᠲᠠᠢ ᠰᠢᠶᠠᠩ᠂ ᠰᠣᠯᠣᠨ ᠪᠠᠯᠭᠠᠰᠤ᠂  ᠨᠡᠲᠦᠭᠡᠷ ᠪᠠᠯᠭᠠᠰᠤ᠂ ᠤᠯᠠᠭᠠᠨᠮᠣᠳᠤ ᠰᠤᠮᠤ᠂  ᠲᠤᠬᠤᠮ ᠰᠤᠮᠤ᠂  ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ᠂  ᠯᠢᠤᠱᠦ᠋ᠢ ᠡᠭᠦᠯᠳᠡᠷ ᠤᠨ ᠮᠠᠯ ᠦᠷᠡᠵᠢᠭᠦᠯᠦᠨ ᠪᠣᠶᠢᠵᠢᠭᠤᠯᠬᠤ ᠲᠥᠪ᠃ ᠲᠤᠰ ᠵᠢᠯ ᠤᠨ ᠤᠨᠠᠯᠲᠠ ᠶᠢᠨ 70%  ᠠᠴᠠ ᠳᠡᠭᠡᠭᠰᠢᠬᠢ ᠡᠷᠳᠡᠨᠢ ᠰᠢᠰᠢ ᠶᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠬᠠᠮᠤᠭ ᠤᠨ ᠴᠥᠭᠡᠨ ᠳᠡᠭᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃    115 ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠤᠨ᠎ᠠ᠄ ᠵᠠᠷᠴᠢᠮ ᠳᠡᠭᠡᠷ᠎ᠡ ᠪᠠᠨ ᠰᠢᠶᠠᠩ ᠪᠠᠯᠭᠠᠰᠤ ᠨᠢᠭᠡᠪᠦᠷᠢ ᠶᠢᠨ ᠵᠢᠱᠢᠶ᠎ᠡ ᠦᠵᠡᠭᠦᠯᠬᠦ ᠲᠣᠰᠬᠤᠨ ᠤ ᠲᠤᠭ᠎ᠠ ᠬᠡᠮᠵᠢᠶ᠎ᠡ ᠨᠢ ᠬᠠᠷᠢᠶ᠎ᠠ ᠲᠣᠰᠬᠤᠨ ᠤ ᠪᠠᠨ ᠪᠥᠬᠦ ᠲᠣᠭᠠᠨ ᠤ ᠬᠠᠭᠠᠰ  ᠠᠴᠠ ᠳᠤᠲᠠᠭᠤ ᠪᠠᠶᠢᠵᠤ ᠪᠣᠯᠬᠤ ᠦᠭᠡᠢ᠂ ᠵᠢᠱᠢᠶ᠎ᠡ ᠦᠵᠡᠭᠦᠯᠬᠦ ᠲᠣᠰᠬᠤᠨ ᠳᠤ ︽ᠰᠢᠨ᠎ᠡ ᠵᠢᠯ ᠤᠨ ᠰᠢᠨ᠎ᠡ ᠶᠢᠨ ᠨᠢᠭᠡᠨ ᠤ ᠳᠠᠷᠠᠭ᠎ᠠ ᠨᠦᠭᠡᠴᠡᠯᠡᠭᠰᠡᠨ ᠠᠮᠤ ᠪᠤᠳᠠᠭ᠎ᠠ ᠢᠯᠡᠷᠡᠬᠦ ᠦᠭᠡᠢ︾᠂ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ᠢ ᠠᠮᠤ ᠪᠤᠳᠠᠭᠠᠨ ᠤ ᠪᠥᠬᠦ ᠲᠣᠭᠠᠨ ᠤ 40%  ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠦ ᠱᠠᠭᠠᠷᠳᠠᠵᠠᠢ᠃ ︵ᠳᠠᠭᠠᠯᠳᠤᠭᠤᠯᠤᠯ 2᠄ ᠵᠢᠱᠢᠶ᠎ᠡ ᠦᠵᠡᠭᠦᠯᠬᠦ ᠭᠠᠴᠠᠭᠠᠨ ᠤ ᠨᠡᠷᠡᠰ︶    ᠨᠡᠶᠢᠲᠡᠯᠢᠭ ᠵᠢᠱᠢᠶ᠎ᠡ ᠦᠵᠡᠭᠦᠯᠬᠦ ᠲᠣᠰᠬᠤᠨ᠄ 3 ︱ 5 ᠲᠣᠰᠬᠤᠨ ᠢ 2023 ᠣᠨ ᠤ ᠨᠡᠶᠢᠲᠡᠯᠢᠭ ᠵᠢᠱᠢᠶ᠎ᠡ ᠦᠵᠡᠭᠦᠯᠬᠦ ᠲᠣᠰᠬᠤᠨ ᠪᠣᠯᠭᠠᠨ ᠭᠤᠣᠯᠳᠠᠯᠭ᠎ᠠ ᠲᠠᠢ ᠪᠠᠶᠢᠭᠤᠯᠬᠤ ᠪᠠᠷ ᠲᠥᠯᠥᠪᠯᠡᠵᠦ᠂ ᠵᠠᠰᠠᠭ ᠵᠠᠬᠢᠷᠭᠠᠨ ᠤ ᠲᠣᠰᠬᠤᠨ ᠤ ᠪᠠᠶᠢᠷᠢ ᠨᠢ ᠳᠥᠭᠦᠮ ᠳᠥᠲᠡ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠴᠢᠩᠭ᠎ᠠ᠂ ᠠᠮᠤ ᠪᠤᠳᠠᠭ᠎ᠠ ᠬᠠᠳᠠᠭᠠᠯᠠᠬᠤ ᠠᠵᠢᠯ ᠨᠢ ᠬᠢᠯᠠᠰ ᠴᠡᠭ ᠲᠠᠢ᠂ ᠲᠠᠷᠢᠶᠠᠴᠢᠨ ᠡᠷᠦᠭᠡ ᠶᠢᠨ ᠢᠳᠡᠪᠬᠢᠵᠢᠯ ᠥᠨᠳᠥᠷ᠂ ᠠᠵᠢᠯᠯᠠᠬᠤ ᠠᠷᠭ᠎ᠠ ᠨᠢ ᠯᠠᠪᠳᠠᠭᠤᠨ ᠪᠠᠲᠤᠲᠠᠢ ᠰᠢᠨ᠎ᠡ ᠶᠢ ᠡᠭᠦᠳᠴᠦ᠂ ᠲᠤᠰ ᠲᠣᠰᠬᠤᠨ ᠤ ᠦᠨᠳᠦᠰᠦᠨ ᠪᠠᠶᠢᠳᠠᠯ᠂ 2023 ᠣᠨ ᠤ ᠡᠷᠳᠡᠨᠢ ᠰᠢᠰᠢ ᠶᠢᠨ ᠤᠨᠠᠯᠲᠠ᠂ ᠳᠠᠩᠰᠠᠯᠠᠨ ᠳᠡᠪᠲᠡᠷᠯᠡᠵᠦ ᠠᠮᠤ ᠪᠤᠳᠠᠭ᠎ᠠ ᠬᠠᠳᠠᠭᠠᠯᠠᠬᠤ ᠠᠷᠭ᠎ᠠ ᠬᠡᠯᠪᠡᠷᠢ ᠵᠡᠷᠭᠡ ᠲᠠᠢ ᠤᠶᠠᠯᠳᠤᠭᠤᠯᠵᠤ᠂ ᠵᠣᠬᠢᠬᠤ ᠬᠠᠷᠢᠴᠠᠯ ᠤᠨ ᠪᠡᠯᠡ ᠮᠥᠩᠭᠦ ᠶᠢᠨ ᠬᠠᠷᠠᠭᠠᠯᠵᠠᠯ ᠦᠵᠡᠭᠦᠯᠬᠦ ᠶᠢ ᠱᠠᠭᠠᠷᠳᠠᠨ᠎ᠠ᠃    ︵ᠬᠤᠶᠠᠷ︶ ᠳᠥᠷᠪᠡᠨ ᠲᠥᠷᠥᠯ ᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠬᠠᠳᠠᠭᠠᠯᠠᠬᠤ ᠵᠠᠭᠪᠤᠷ ᠢ ᠲᠥᠪᠯᠡᠷᠡᠭᠦᠯᠦᠨ ᠪᠣᠶ ᠪᠣᠯᠭᠠᠨ᠎ᠠ    ᠨᠢᠭᠡ ᠳᠤ᠂ ᠲᠠᠷᠢᠶᠠᠴᠢᠨ ᠡᠷᠦᠬᠡ ᠶᠢᠨ 26 ᠲᠦᠮᠡᠨ ᠲᠣᠨ ᠠᠮᠤ ᠪᠤᠳᠠᠭ᠎ᠠ ᠶᠢ ᠪᠣᠰᠤᠭ᠎ᠠ ᠴᠣᠭᠴᠠᠲᠤ ᠬᠠᠳᠠᠭᠠᠯᠠᠬᠤ  ᠪᠣᠯᠣᠨ᠎ᠠ᠃ ᠲᠠᠷᠢᠮᠠᠯ ᠤᠨ ᠲᠠᠯᠠᠪᠠᠢ ᠨᠢ 30 ᠮᠦ ᠶᠢᠨ ᠳᠣᠲᠣᠷ᠎ᠠ ᠪᠠᠶᠢᠭ᠎ᠠ ᠲᠠᠷᠢᠮᠠᠯ ᠤᠨ ᠡᠷᠦᠬᠡ ᠳᠤ ᠬᠥᠮᠥᠷᠭᠡ ᠬᠦᠷᠢᠶᠡᠯᠡᠬᠦ ︵2 ᠮᠧᠲᠷ ᠤᠨ ᠳᠣᠲᠣᠷ᠎ᠠ᠂ ᠳ᠋ᠢᠶᠠᠮᠧᠲᠷ ᠨᠢ 1.8 ᠮᠧᠲᠷ ᠤᠨ ᠳᠣᠲᠣᠷ᠎ᠠ︶ᠠᠮᠤ ᠪᠤᠳᠠᠭ᠎ᠠ ᠬᠠᠳᠠᠭᠠᠯᠠᠬᠤ ᠠᠷᠭ᠎ᠠ ᠬᠡᠯᠪᠡᠷᠢ ᠶᠢ ᠬᠡᠷᠡᠭᠯᠡᠬᠦ ᠶᠢ ᠰᠠᠨᠠᠭᠤᠯᠤᠶ᠎ᠠ᠃  ᠳᠠᠷᠢᠬᠤ ᠲᠠᠯᠠᠪᠠᠶ ᠨᠢ 30 ᠮᠦ ᠠᠴᠠ 150 ᠮᠦ ᠬᠦᠷᠬᠦ ᠲᠠᠷᠢᠶᠠᠴᠢᠨ ᠡᠷᠦᠬᠡ ᠳᠤ ᠪᠣᠯᠣᠳ ᠪᠦᠲᠦᠴᠡ/ᠮᠣᠳᠣᠨ ᠪᠦᠲᠦᠴᠡ + ᠬᠦᠷᠢᠶᠡᠯᠡᠭᠰᠡᠨ ᠲᠣᠣᠷ ᠤᠨ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ︵ᠥᠨᠳᠥᠷ ᠨᠢ 2.5 ᠶᠢᠨ ᠳᠣᠲᠣᠷ᠎ᠠ᠂ ᠥᠷᠭᠡᠨ ᠨᠢ 1.8 ᠶᠢᠨ ᠳᠣᠲᠣᠷ᠎ᠠ︶ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ ᠨᠥᠭᠡᠴᠡᠯᠡᠬᠦ ᠡᠳ᠋ ᠮᠠᠲ᠋ᠧᠷᠢᠶᠠᠯ ᠤᠨ ᠲᠠᠯ᠎ᠠ ᠪᠠᠷ ᠪᠥᠭᠡᠭᠡᠨᠡᠷᠡᠯ ᠫᠷᠦᠫᠧᠨ ᠲᠣᠣᠷ ᠪᠠ ᠪᠣᠯᠣᠳ ᠤᠲᠠᠰᠤᠨ ᠲᠣᠣᠷ ᠵᠡᠷᠭᠡ ᠶᠢ ᠰᠣᠩᠭᠤᠵᠤ᠂ ᠪᠠᠯᠭᠠᠰᠤ ᠲᠣᠰᠬᠤᠨ ᠵᠢᠴᠢ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠪᠣᠰᠤᠭ᠎ᠠ ᠴᠣᠭᠴᠠᠲᠤ ᠠᠮᠤ ᠪᠤᠳᠠᠭ᠎ᠠ ᠨᠥᠭᠡᠴᠡᠯᠡᠬᠦ ᠶᠢ ᠵᠣᠷᠢᠭᠵᠢᠭᠤᠯᠤᠨ᠎ᠠ᠃ ᠲᠠᠷᠢᠶᠠᠴᠢᠨ ᠡᠷᠤᠭᠡ ᠶᠢᠨ ᠥᠪᠡᠰᠦᠪᠡᠨ ᠬᠤᠯᠪᠣᠭᠠᠯᠠᠵᠤ ᠪᠠᠶᠢᠭᠠᠳ ᠵᠢᠵᠢᠭ ᠬᠡᠯᠪᠡᠷᠢ ᠶᠢᠨ ᠳᠠᠮᠵᠢᠭᠤᠯᠬᠤ ᠮᠠᠰᠢᠨ ᠬᠤᠳᠠᠯᠳᠤᠨ ᠠᠪᠬᠤ ᠶᠢ ᠵᠣᠷᠢᠭᠵᠢᠭᠤᠯᠵᠤ᠂ ᠬᠥᠮᠥᠷᠭᠡ ᠳᠤ ᠣᠷᠣᠭᠤᠯᠵᠤ ᠭᠠᠷᠭᠠᠬᠤ ᠳᠤ ᠲᠦᠬᠦᠮ ᠪᠣᠯᠭᠠᠵᠤ᠂ ᠥᠪᠡᠷ ᠤᠨ ᠦᠷᠳᠡᠭ ᠢ ᠨᠢ ᠪᠠᠭᠤᠷᠠᠭᠤᠯᠤᠨ᠎ᠠ᠃    ᠬᠤᠶᠠᠷ ᠲᠤ᠂ 13 ᠲᠦᠮᠡᠨ ᠲᠣᠨ ᠠᠮᠤ ᠪᠤᠳᠠᠭ᠎ᠠ ᠶᠢ ᠲᠥᠪᠯᠡᠷᠡᠭᠦᠯᠦᠨ ᠨᠥᠭᠡᠴᠡᠯᠡᠨ᠎ᠡ᠃ ᠭᠠᠴᠠᠭ᠎ᠠ ᠲᠣᠰᠬᠤᠨ ︵ᠦᠢᠯᠡᠳᠪᠦᠷᠢᠯᠡᠯ ᠤᠨ ᠰᠤᠮᠤ︶ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠳᠣᠣᠷ᠎ᠠ ᠠᠰᠢᠭᠯᠠᠮᠵᠢ ᠲᠠᠢ ᠰᠤᠯᠠ ᠬᠡᠷᠡᠭᠯᠡᠬᠦ ᠭᠠᠵᠠᠷ᠂ ᠰᠤᠯᠠ ᠪᠠᠶᠢᠬᠤ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠭᠠᠵᠠᠷ᠂ ᠨᠥᠬᠦᠴᠡᠯ ᠲᠠᠢ ᠣᠯᠠᠨ ᠨᠡᠶᠢᠲᠡ ᠶᠢᠨ ᠲᠡᠭᠰᠢ ᠲᠠᠯᠠᠪᠤᠷ ᠵᠡᠷᠭᠡ ᠶᠢ ᠠᠰᠢᠭᠯᠠᠬᠤ  ᠶᠢ ᠰᠠᠨᠠᠭᠤᠯᠵᠤ᠂ ᠭᠠᠴᠠᠭ᠎ᠠ ᠲᠣᠰᠬᠤᠨ ︵ᠦᠢᠯᠡᠳᠪᠦᠷᠢᠯᠡᠯ ᠤᠨ ᠰᠤᠮᠤ︶ ᠢᠶᠠᠷ ᠨᠢᠭᠡᠴᠢ ᠪᠣᠯᠭᠠᠨ᠂ ᠪᠣᠰᠤᠭ᠎ᠠ ᠴᠣᠭᠴᠠᠲᠤ ᠠᠮᠤ ᠪᠤᠳᠠᠭ᠎ᠠ ᠨᠥᠭᠡᠴᠡᠯᠡᠬᠦ ᠪᠡᠯᠡᠳᠬᠡᠮᠵᠢ ᠶᠢ ᠲᠥᠪᠯᠡᠷᠡᠭᠦᠯᠦᠨ ᠪᠠᠶᠢᠭᠤᠯᠬᠤ ᠪᠤᠶᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠨᠥᠬᠦᠴᠡᠯ ᠢ ᠡᠭᠦᠳᠴᠦ᠂ ᠵᠢᠵᠢᠭ ᠬᠡᠯᠪᠡᠷᠢ ᠶᠢᠨ ᠳᠠᠮᠵᠢᠭᠤᠯᠬᠤ ᠮᠠᠰᠢᠨ᠂ ᠤᠳᠬᠤᠭᠤᠷ ᠲᠡᠷᠭᠡ ᠵᠡᠷᠭᠡ ᠡᠮᠬᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ᠂ ᠦᠨ᠎ᠡ ᠲᠥᠯᠥᠪᠦᠷᠢ ᠦᠭᠡᠢ ᠪᠠᠷ ᠬᠡᠷᠡᠭᠯᠡᠬᠦ ᠪᠤᠶᠤ ᠲᠦᠷᠢᠶᠡᠰᠦᠯᠡᠨ ᠬᠡᠷᠡᠭᠯᠡᠬᠦ ᠠᠷᠭ᠎ᠠ ᠮᠠᠶ᠋ᠢᠭ ᠢ ᠠᠪᠴᠤ᠂ ︽ᠲᠠᠷᠠᠬᠠᠢ ᠪᠤᠲᠠᠷᠬᠠᠢ ᠠᠮᠤ ᠪᠤᠳᠠᠭ᠎ᠠ ᠨᠥᠭᠡᠴᠡᠯᠡᠬᠦ︾ ᠶᠢ ︽ᠲᠥᠪᠯᠡᠷᠡᠭᠦᠯᠦᠨ ᠠᠮᠤ ᠪᠤᠳᠠᠭ᠎ᠠ ᠨᠥᠭᠡᠴᠡᠯᠡᠬᠦ︾ ᠪᠣᠯᠭᠠᠨ ᠬᠤᠪᠢᠷᠠᠭᠤᠯᠬᠤ ᠬᠡᠷᠡᠭᠲᠡᠢ᠃    ᠭᠤᠷᠪᠠ ᠳᠤ᠂  11 ᠲᠦᠮᠡᠨ ᠲᠣᠨ ᠢ  ᠣᠷᠣᠯᠠᠨ ᠬᠠᠳᠠᠭᠠᠯᠠᠨ᠎ᠠ᠃ ᠲᠠᠷᠢᠶᠠᠯᠠᠩ ᠪᠠ ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠢ ᠬᠠᠶᠢᠨ ᠰᠦᠪᠡᠭᠴᠢᠯᠡᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠲᠠᠷᠢᠶᠠᠴᠢᠳ ᠰᠠᠶᠢᠨ ᠳᠤᠷ᠎ᠠ  ᠠᠴᠠ ᠪᠠᠨ ᠪᠠᠶᠢᠬᠤ ᠶᠢ ᠪᠠᠷᠢᠮᠲᠠᠯᠠᠨ᠂ ᠬᠠᠤᠯᠢ ᠴᠠᠭᠠᠵᠠ ᠶᠢᠨ ᠭᠡᠷ᠎ᠡ ᠲᠣᠭᠲᠠᠬᠤ ᠵᠣᠷᠢᠭ ᠰᠠᠨᠠᠭ᠎ᠠ ᠶᠢ ᠵᠢᠷᠤᠮᠯᠠᠭᠰᠠᠨ ᠤᠷᠢᠲᠠᠯ ᠳᠣᠣᠷ᠎ᠠ᠂ ᠲᠠᠷᠢᠶᠠᠯᠠᠩ ᠪᠠ ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠴᠢᠨ ᠡᠷᠦᠬᠡ ᠶᠢᠨ ᠭᠡᠷ᠎ᠡ ᠶᠢᠨ ᠵᠣᠷᠢᠭ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠠᠮᠤ ᠪᠤᠳᠠᠭ᠎ᠠ ᠬᠠᠳᠠᠭᠠᠯᠠᠬᠤ ᠭᠡᠷ᠎ᠡ ᠶᠢ ᠲᠣᠭᠲᠠᠭᠠᠵᠤ᠂ ︽ᠠᠮᠤ ᠪᠤᠳᠠᠭ᠎ᠠ ᠶᠢ ᠣᠷᠣᠯᠠᠨ ᠬᠠᠳᠠᠭᠠᠯᠠᠬᠤ︾ ᠵᠠᠭᠪᠤᠷ ᠤᠨ ᠲᠦᠭᠰᠢᠭᠦᠷᠢ ᠶᠢ ᠪᠠᠭᠠᠰᠬᠠᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠮᠤ ᠪᠤᠳᠠᠭᠠᠨ ᠤ ᠡᠷᠬᠡ ᠶᠢ ᠬᠤᠪᠢᠷᠠᠭᠤᠯᠬᠤ ᠦᠭᠡᠢ᠂ ᠬᠠᠳᠠᠭᠠᠯᠠᠵᠤ ᠭᠠᠷᠭᠠᠬᠤ ᠶᠢ ᠴᠢᠯᠦᠭᠡᠲᠡᠢ ᠪᠠᠶᠢᠯᠭᠠᠬᠤ᠂ ᠲᠠᠷᠢᠶᠠᠴᠢᠳ ᠲᠤ ᠲᠥᠬᠦᠮ ᠦᠵᠡᠭᠦᠯᠬᠦ︾ ᠵᠠᠷᠴᠢᠮ ᠢ ᠪᠠᠷᠢᠮᠲᠠᠯᠠᠵᠤ᠂ ᠲᠦᠭᠰᠢᠭᠦᠷᠢ ᠶᠢ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠣᠷᠳᠣ ᠬᠤᠭᠤᠴᠠᠭ᠎ᠠ ᠪᠠᠷ ᠥᠷᠨᠢᠭᠦᠯᠵᠦ ᠪᠣᠯᠬᠤ᠂ ᠠᠷᠠᠳ ᠲᠤ ᠠᠰᠢᠭᠲᠠᠢ ᠠᠵᠤ ᠠᠬᠤᠶᠢᠯᠠᠯ ᠳᠤ ᠠᠰᠢᠭᠲᠠᠢ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠲᠠᠷᠢᠶᠠᠯᠠᠩ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠢ ᠬᠠᠶᠢᠨ ᠰᠦᠪᠡᠭᠴᠢᠯᠡᠵᠦ ᠭᠠᠷᠭᠠᠨ᠎ᠠ᠃ ᠨᠥᠬᠦᠴᠡᠯ ᠲᠠᠢ ᠠᠮᠤ ᠪᠤᠳᠠᠭᠠᠨ ᠤ ᠬᠥᠮᠥᠷᠭᠡ ᠬᠢᠭᠡᠳ ᠠᠮᠤ ᠪᠤᠳᠠᠭ᠎ᠠ ᠲᠠᠷᠢᠬᠤ ᠲᠣᠮᠣ ᠡᠷᠦᠬᠡ᠂ ᠲᠤᠰᠬᠠᠢ ᠠᠵᠢᠯ ᠤᠨ ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠷᠢᠶᠠᠯᠠᠩ ᠤᠨ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠬᠦ ᠶᠢ ᠲᠦᠯᠬᠢᠨ ᠠᠬᠢᠭᠤᠯᠵᠤ᠂  ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠤ ᠪᠤᠳᠠᠭᠠᠨ ᠤ ᠤᠨᠠᠯᠲᠠ ᠠᠷᠪᠢᠨ᠂ ᠬᠠᠳᠠᠭᠠᠯᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠨᠢᠭᠡᠨᠲᠡ ᠪᠠᠶᠢᠭᠤᠯᠤᠭᠰᠠᠨ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ ᠲᠥᠪ ᠲᠤ ᠲᠦᠰᠢᠭᠯᠡᠨ᠂ ᠰᠠᠨᠠᠭᠠᠴᠢᠯᠠᠭ᠎ᠠ  ᠠᠴᠠ ᠪᠠᠨ ᠲᠠᠷᠢᠶᠠᠴᠢᠳ ᠲᠤ ᠴᠡᠪᠡᠷᠯᠡᠬᠦ ᠶᠢ ᠣᠷᠣᠯᠠᠭᠤᠯᠬᠤ᠂ ᠬᠠᠲᠠᠭᠠᠬᠤ ᠂ ᠬᠠᠳᠠᠭᠠᠯᠠᠬᠤ ᠶᠢ ᠣᠷᠣᠯᠠᠭᠤᠯᠬᠤ᠂ ᠡᠳ᠋ᠰᠢᠭᠦᠯᠬᠦ ᠶᠢ ᠣᠷᠣᠯᠠᠭᠤᠯᠬᠤ᠂ ᠪᠣᠷᠣᠯᠠᠭᠤᠯᠬᠤ ᠶᠢ ᠣᠷᠣᠯᠠᠭᠤᠯᠬᠤ ᠦᠢᠯᠡᠴᠢᠯᠡᠭᠡ ᠶᠢ ᠬᠠᠩᠭᠠᠵᠤ ᠪᠣᠯᠣᠨ᠎ᠠ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ  ᠤᠨ ᠰᠤᠯᠠ ᠪᠠᠶᠢᠬᠤ ᠬᠥᠮᠥᠷᠭᠡᠯᠡᠨ ᠬᠠᠳᠠᠭᠠᠯᠠᠬᠤ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠠᠬᠤᠶᠢᠯᠠᠯ  ᠤᠨ ᠴᠢᠭ᠋ ᠤᠯᠠᠨ ᠬᠡᠪᠴᠢᠶ᠎ᠡ ᠥᠷᠭᠡᠨ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠪᠦᠷᠢᠨ ᠪᠦᠲᠦᠨ᠂ ᠮᠠᠰᠢᠨ ᠲᠥᠬᠦᠭᠡᠷᠦᠮᠵᠢ ᠪᠦᠷᠢᠨ ᠭᠦᠢᠴᠡᠳ᠂ ᠠᠵᠢᠯᠲᠠᠨ  ᠤ ᠲᠤᠰᠬᠠᠢ ᠮᠡᠷᠭᠡᠵᠢᠯ ᠵᠡᠷᠭᠡ ᠳᠠᠪᠠᠭᠤᠯᠢᠭ ᠢ ᠪᠠᠳᠠᠷᠠᠭᠤᠯᠤᠨ᠂ ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡᠨ  ᠳᠤ ᠢᠳᠡᠪᠬᠢᠲᠡᠢ ᠣᠷᠣᠯᠴᠠᠬᠤ ᠬᠡᠷᠡᠭᠲᠡᠢ᠃ ︽ᠬᠠᠳᠠᠭᠠᠯᠠᠮᠵᠢ ᠶᠢᠨ ᠠᠮᠤ ᠪᠤᠳᠠᠭ᠎ᠠ ᠶᠢ ᠭᠡᠷ ᠲᠤᠨᠢ ᠪᠠᠶᠢᠯᠭᠠᠵᠤ︾ ᠪᠠᠶᠢᠭᠰᠠᠨ ᠠᠴᠠ ︽ᠬᠠᠳᠠᠭᠠᠯᠠᠮᠵᠢ ᠶᠢᠨ ᠠᠮᠤ ᠪᠤᠳᠠᠭ᠎ᠠ ᠶᠢ ᠬᠥᠮᠥᠷᠭᠡ ᠳᠤ ᠪᠠᠶᠢᠯᠭᠠᠬᠤ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃    ᠳᠥᠷᠪᠡ ᠳᠤ᠂ ᠦᠷ᠎ᠡ ᠶᠢᠨ ᠮᠥᠬᠦᠯᠢᠭ ᠢ ᠰᠢᠭᠤᠳ 4 ᠲᠦᠮᠡᠨ ᠲᠣᠨ ᠬᠤᠷᠢᠶᠠᠨ᠎ᠠ᠃ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ  ᠠᠴᠠ ᠡᠯ᠎ᠡ ᠰᠢᠶᠠᠩ ᠪᠠᠯᠭᠠᠰᠤ ᠶᠢ ᠵᠢᠯᠣᠭᠤᠳᠤᠨ ᠲᠠᠷᠢᠮᠠᠯ ᠤᠨ ᠡᠭᠦᠯᠳᠡᠷ᠂ ᠤᠷᠭᠤᠯᠲᠠ ᠶᠢᠨ ᠦᠶᠡᠯᠡᠯ ᠤᠨ ᠬᠤᠭᠤᠴᠠᠭ᠎ᠠ᠂ ᠮᠦ ᠪᠦᠷᠢ ᠶᠢᠨ ᠳᠤᠮᠳᠠᠴᠢ ᠤᠨᠠᠯᠲᠠ ᠵᠢᠴᠢ ᠮᠠᠰᠢᠨᠴᠢᠯᠠᠯᠲᠠ ᠪᠠᠷ ᠠᠵᠢᠯᠯᠠᠬᠤ ᠵᠡᠷᠭᠡ ᠲᠠᠯ᠎ᠠ ᠶᠢᠨ ᠲᠣᠭᠤᠷᠢᠨ ᠳᠤ ᠦᠨᠡᠯᠡᠨ ᠵᠢᠱᠢᠯᠲᠡ ᠬᠢᠯᠭᠡᠨ᠎ᠡ᠃ ᠲᠣᠮᠣ ᠬᠡᠯᠪᠡᠷᠢ ᠶᠢᠨ ᠲᠠᠷᠢᠮᠠᠯ ᠤᠨ ᠬᠤᠷᠰᠢᠶ᠎ᠠ ᠪᠤᠶᠤ ᠲᠠᠷᠢᠶᠠᠯᠠᠩ ᠤᠨ ᠺᠣᠮᠫᠠᠨᠢ ᠶᠢᠨ ᠦᠷ᠎ᠡ ᠰᠢᠭᠤᠳ ᠬᠤᠷᠢᠶᠠᠬᠤ ᠡᠭᠦᠯᠳᠡᠷ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠲᠠᠷᠢᠶᠠᠨ ᠭᠠᠵᠠᠷ ᠲᠤ ᠬᠤᠷᠢᠶᠠᠬᠤ ᠠᠵᠢᠯ ᠬᠢᠬᠦ ᠳᠡᠭᠡᠨ ᠨᠢᠭᠡ ᠤᠳᠠᠭ᠎ᠠ ᠶᠢᠨ ᠴᠢᠨᠠᠷᠲᠠᠢ ᠪᠠᠷ ᠲᠦᠷᠦᠭᠦᠸ ᠶᠢ ᠨᠢ ᠲᠡᠭᠦᠬᠦ᠂ ᠬᠠᠯᠢᠰᠤ ᠶᠢ ᠨᠢ ᠱᠠᠭᠠᠯᠬᠤ᠂ ᠮᠥᠯᠢᠬᠦ᠂ ᠴᠡᠪᠡᠷᠯᠡᠨ ᠰᠣᠩᠭᠤᠬᠤ᠂ ᠡᠰᠢ ᠰᠦᠷᠡᠯ ᠢ ᠬᠡᠮᠬᠡᠯᠬᠦ ᠵᠡᠷᠭᠡ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠰᠢᠭᠤᠳ ᠬᠠᠳᠠᠭᠠᠵᠤ ᠬᠥᠮᠥᠷᠭᠡ ᠳᠤ ᠣᠷᠣᠭᠤᠯᠵᠤ᠂ ᠳᠤᠮᠳᠠᠬᠢ ᠵᠠᠩᠭᠢᠯᠠᠭ᠎ᠠ ᠶᠢᠨ ᠬᠤᠬᠢᠷᠠᠯ ᠬᠤᠷᠣᠭᠳᠠᠯ ᠢ ᠪᠦᠲᠦᠮᠵᠢᠲᠡᠶ ᠪᠠᠭᠠᠰᠬᠠᠨ᠎ᠠ᠃    ᠬᠤᠶᠠᠷ᠂ ᠭᠤᠣᠯ ᠡᠭᠦᠷᠭᠡ    ︵ᠨᠢᠭᠡ︶ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠠᠬᠢᠭᠤᠯᠬᠤ ᠲᠥᠰᠥᠯ ᠢ ᠨᠠᠷᠢᠯᠢᠭᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠠᠬᠢᠭᠤᠯᠬᠤ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ 7 ᠰᠠᠷ᠎ᠠ ᠶᠢᠨ ᠡᠬᠢ ᠪᠠᠷ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠲᠣᠭᠲᠠᠭᠠᠵᠤ᠂ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠪᠠ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠠᠵᠢᠯ ᠤᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠱᠠᠲᠤ ᠬᠤᠪᠢᠶᠠᠨ ᠲᠣᠭᠲᠠᠭᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠤᠷᠢᠳᠴᠢᠯᠠᠨ ᠰᠠᠶᠢᠲᠤᠷ ᠠᠳᠬᠤᠵᠤ᠂ ᠠᠳᠠᠯᠢ ᠪᠤᠰᠤ ᠲᠠᠷᠢᠮᠠᠯ ᠤᠨ ᠬᠡᠪᠴᠢᠶ᠎ᠡ ᠲᠠᠢ ᠲᠠᠷᠢᠶᠠᠴᠢᠨ ᠡᠷᠦᠬᠡ ᠳᠤ ᠠᠮᠤᠷ ᠲᠦᠪᠰᠢᠨ ᠪᠥᠭᠡᠳ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠥᠰᠥᠯ ᠢ ︽ᠪᠡᠶ᠎ᠡ ᠳᠤᠨᠢ ᠲᠣᠬᠢᠷᠠᠭᠤᠯᠤᠨ ᠲᠣᠭᠲᠠᠭᠠᠵᠤ︾᠂ ᠪᠥᠬᠦ ᠵᠢᠯ ᠳᠤ ᠠᠬᠢᠭᠤᠯᠬᠤ ᠠᠵᠢᠯ ᠢ ᠰᠦᠪᠡᠭᠴᠢᠯᠡᠨ ᠥᠷᠨᠢᠭᠦᠯᠵᠦ᠂ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠱᠠᠲᠤ ᠦᠶ᠎ᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃    ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠲᠠᠷᠢᠶᠠᠴᠢᠳ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠣᠬᠢᠷᠠᠭᠤᠯᠤᠨ᠂ ᠠᠮᠤ ᠪᠤᠳᠠᠭ᠎ᠠ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠢ ᠵᠢᠷᠤᠮᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠠᠵᠢᠯ ᠲᠠᠢ ᠤᠶᠠᠯᠳᠤᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠢ ᠵᠢᠷᠤᠮᠵᠢᠭᠤᠯᠤᠨ᠎ᠠ᠃    ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠎ᠠ᠃ ᠡᠯ᠎ᠡ ᠭᠠᠴᠠᠭ᠎ᠠ ᠲᠣᠰᠬᠤᠨ ᠨᠤᠭᠤᠳ ᠲᠠᠷᠢᠶᠠᠴᠢᠨ ᠡᠷᠦᠬᠡ ᠶᠢᠨ ᠭᠡᠷ ᠲᠤ ᠭᠦᠨᠵᠡᠭᠡᠶᠢᠷᠡᠨ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠤᠬᠠᠭᠤᠯᠭ᠎ᠠ ᠶᠢ ᠥᠷᠨᠢᠭᠦᠯᠵᠦ᠂ ᠲᠠᠷᠢᠶᠠᠴᠢᠨ ᠡᠷᠦᠬᠡ ᠶᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠬᠡᠷᠡᠭᠲᠡᠢ᠃ 2022 ᠣᠨ ᠤ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ ᠲᠣᠮᠣ ᠡᠷᠦᠬᠡ᠂ ᠵᠢᠱᠢᠶ᠎ᠡ ᠦᠵᠡᠭᠦᠯᠬᠦ ︽ᠬᠤᠯᠪᠣᠭᠠᠲᠤ ᠡᠷᠦᠬᠡ︾᠂ ᠵᠢᠱᠢᠶ᠎ᠡ ᠦᠵᠡᠭᠦᠯᠬᠦ ᠲᠠᠷᠢᠶᠠᠴᠢᠨ ᠡᠷᠦᠬᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ᠂ ᠬᠤᠪᠢ ᠶᠢᠨ ᠵᠠᠭᠤᠴᠢᠯᠠᠭᠤᠷ᠂ ᠶᠠᠷᠢᠯᠴᠠᠬᠤ ᠬᠤᠷᠠᠯ᠂ ᠲᠤᠬᠠᠢ ᠶᠢᠨ ᠲᠠᠯᠠᠪᠤᠷ ᠤᠨ ᠬᠤᠷᠠᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠤᠬᠠᠭᠤᠯᠭ᠎ᠠ ᠶᠢᠨ ︽ᠪᠦᠬᠦᠨ ᠢ ᠬᠠᠮᠤᠷᠬᠤ︾ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠭᠰᠡᠨ ᠠᠰᠢᠭ ᠣᠯᠵᠠᠪᠤᠷᠢ ᠶᠢ ᠬᠥᠨᠳᠡᠯᠡᠨ ᠢᠶᠠᠷ ᠬᠠᠷᠢᠴᠠᠭᠤᠯᠬᠤ ᠪᠠᠷ ᠳᠠᠮᠵᠢᠭᠤᠯᠤᠨ᠂ ᠴᠢᠭ᠋ ᠢᠶᠠᠷ ᠨᠡᠶᠢᠳᠡᠮ ᠢ ᠳᠠᠶᠢᠴᠢᠯᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠲᠥᠯᠥᠭᠡᠯᠡᠬᠦ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷᠲᠠᠢ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠢ ᠡᠭᠦᠳᠦᠨ ᠪᠠᠶᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠴᠠᠭ ᠲᠤᠬᠠᠢ ᠳᠤᠨᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠠᠵᠢᠯ ᠥᠷᠨᠢᠭᠦᠯᠦᠭᠰᠡᠨ ᠭᠢᠯᠠᠰ ᠴᠡᠭ ᠤᠨ ᠮᠠᠲ᠋ᠧᠷᠢᠶᠠᠯ ᠢᠶᠠᠨ ᠮᠡᠳᠡᠭᠦᠯᠬᠦ ᠬᠡᠷᠡᠭᠲᠡᠢ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠳᠡᠯᠭᠡᠷᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠬᠠᠮ ᠵᠠᠭᠤᠴᠢᠯᠠᠭᠤᠷ ᠲᠠᠢ ᠬᠠᠮᠲᠤᠷᠠᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠣᠬᠤᠷ ᠸᠢᠳᠢᠤ᠋ ᠵᠣᠬᠢᠶᠠᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠵᠢᠱᠢᠶ᠎ᠡ ᠦᠵᠡᠭᠦᠯᠬᠦ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳᠡᠯᠭᠡᠷᠡᠭᠦᠯᠬᠦ ᠬᠡᠷᠡᠭᠲᠡᠢ᠃ ᠭᠤᠷᠪᠠ᠂ ᠠᠵᠢᠯ ᠤᠨ ᠲᠣᠬᠢᠷᠠᠭᠤᠯᠤᠯᠲᠠ    ︵ᠨᠢᠭᠡ︶ 2023 ᠣᠨ ᠤ 5 ᠰᠠᠷ᠎ᠠ ᠳᠤ ᠤᠬᠠᠭᠤᠯᠵᠤ ᠬᠥᠲᠥᠯᠥᠨ ᠵᠢᠯᠤᠭᠤᠳᠬᠤ ᠵᠢᠴᠢ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ 2022 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠪᠠ ᠠᠮᠤ ᠪᠤᠳᠠᠭ᠎ᠠ ᠠᠷᠪᠢᠯᠠᠬᠤ ᠬᠤᠬᠢᠷᠠᠯ ᠢ ᠪᠠᠭᠠᠰᠬᠠᠬᠤ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠢᠳᠡᠪᠬᠢᠲᠡᠢ ᠪᠠᠷ ᠤᠬᠠᠭᠤᠯᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠵᠠᠭᠪᠤᠷ ᠤᠨ ᠲᠠᠨᠢᠯᠴᠠᠭᠤᠯᠭ᠎ᠠ ᠵᠢᠴᠢ ᠵᠢᠱᠢᠶ᠎ᠡ ᠦᠵᠡᠭᠦᠯᠬᠦ ᠲᠠᠷᠢᠶᠠᠴᠢᠨ ᠡᠷᠤᠭᠡ ᠶᠢᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠥᠪᠡᠷ ᠤᠨ ᠦᠷᠳᠡᠭ ᠢ ᠵᠠᠳᠠᠯᠬᠤ᠂ ᠪᠤᠢ ᠪᠣᠯᠬᠤ ᠦᠷ᠎ᠡ ᠠᠰᠢᠭ ᠵᠡᠷᠭᠡ ᠲᠠᠯ᠎ᠠ ᠠᠴᠠ ᠬᠠᠷᠢᠴᠠᠭᠤᠯᠤᠭᠰᠠᠨ ᠲᠠᠩᠰᠠ ᠶᠢ ᠪᠤᠳᠤᠵᠤ᠂ ᠠᠯᠤᠰ ᠤᠨ ᠲᠠᠩᠰᠠ ᠶᠢ ᠪᠤᠳᠤᠵᠤ᠂  ᠲᠠᠷᠢᠶᠠᠴᠢᠨ ᠡᠷᠤᠭᠡ ᠶᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠨᠢ ᠲᠤᠰ ᠪᠡᠶ᠎ᠡ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠬᠦ ᠳᠤ ᠠᠰᠢᠭᠲᠠᠢ ᠭᠡᠳᠡᠭ ᠢ ᠦᠨᠡᠨ ᠬᠦ ᠲᠠᠨᠢᠭᠤᠯᠵᠤ᠂ ᠡᠭᠦᠨ ᠤ ᠤᠯᠠᠮ ᠠᠴᠠ ᠲᠠᠷᠢᠶᠠᠴᠢᠨ ᠡᠷᠤᠭᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠢᠳᠡᠪᠬᠢᠵᠢᠯ ᠢ ᠲᠠᠶᠢᠴᠢᠯᠠᠨ᠎ᠠ᠃ ᠡᠭᠦᠨ ᠤ ᠬᠠᠮᠲᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠬᠡᠷᠡᠭᠴᠡᠭᠡ ᠱᠠᠭᠠᠷᠳᠠᠯᠭ᠎ᠠ᠂ ᠠᠮᠤ ᠪᠤᠳᠠᠭ᠎ᠠ ᠨᠥᠭᠡᠴᠡᠯᠡᠬᠦ ᠬᠦᠴᠢᠷ ᠠᠰᠠᠭᠤᠳᠠᠯ᠂ ᠭᠠᠴᠠᠭ᠎ᠠ ᠲᠣᠰᠬᠤᠨ ︵ᠦᠢᠯᠡᠳᠪᠦᠷᠢᠯᠡᠯ ᠤᠨ ᠬᠤᠯᠪᠣᠭᠠᠲᠤ ᠠᠩᠭᠢ︶ ᠢ ᠲᠦᠯᠬᠢᠨ ᠠᠬᠢᠭᠤᠯᠬᠤ ᠳᠤ ᠬᠦᠴᠢᠷ ᠠᠰᠠᠭᠤᠳᠠᠯ᠂ ᠰᠤᠮᠤ ᠰᠢᠶᠠᠩ ᠪᠠᠯᠭᠠᠰᠤ ᠶᠢ ᠨᠢᠭᠡᠳᠦᠯᠲᠡᠢ ᠲᠥᠯᠥᠪᠯᠡᠬᠦ ᠳᠤ ᠬᠦᠴᠢᠷ ᠠᠰᠠᠭᠤᠳᠠᠯ᠂ ᠠᠮᠤ ᠪᠤᠳᠠᠭᠠᠨ ᠤ ᠠᠵᠤ ᠠᠬᠤᠶᠢᠯᠠᠯ ᠤᠨ ᠣᠷᠣᠯᠠᠨ ᠬᠠᠳᠠᠭᠠᠯᠠᠬᠤ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢ ᠪᠠᠭᠤᠷᠠᠭᠤᠯᠬᠤ ᠵᠡᠷᠭᠡ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠦ᠂ ︽ᠠᠷᠠᠳ ᠤᠨ ᠳᠤᠮᠳᠠᠬᠢ ᠭᠠᠷᠮᠠᠭᠠᠢ ᠭᠠᠷ︾ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ᠃    ︵ᠬᠤᠶᠠᠷ︶ 2023 ᠣᠨ ᠤ 6 ᠰᠠᠷ᠎ᠠ ᠳᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠨᠥᠭᠡᠴᠡᠯᠡᠬᠦ ᠲᠠᠩᠰᠠ ᠡᠪᠬᠡᠮᠡᠯ ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤ ᠲᠣᠰ ᠵᠢᠯ ᠤᠨ ᠠᠵᠢᠯ ᠢ ᠲᠦᠯᠬᠢᠨ ᠠᠬᠢᠭᠤᠯᠬᠤ ᠲᠥᠰᠥᠯ ᠢᠶᠠᠨ ᠳᠡᠭᠡᠭᠰᠢ ᠮᠡᠳᠡᠭᠦᠯᠦᠨ᠎ᠡ᠃ ᠲᠣᠰ ᠵᠢᠯ ᠤᠨ ᠳᠠᠷᠢᠬᠤ ᠡᠭᠦᠷᠭᠡ ᠶᠢᠨ ᠶᠣᠰᠣᠭᠠᠷ᠂ ᠳᠠᠷᠢᠬᠤ ᠭᠤᠣᠯ ᠴᠣᠭᠴᠠ᠂ ᠳᠠᠷᠢᠬᠤ ᠲᠠᠯᠠᠪᠠᠶ᠂ ᠵᠢᠱᠢᠭᠰᠡᠨ ᠤᠨᠠᠯᠲᠠ᠂ ᠬᠤᠷᠢᠶᠠᠬᠤ ᠴᠠᠭ᠂ ᠬᠠᠮᠢᠶ᠎ᠠ ᠪᠦᠬᠦᠢ ᠬᠠᠷᠢᠯᠴᠠᠬᠤ ᠬᠥᠮᠥᠨ ᠵᠡᠷᠭᠡ ᠶᠢᠨ ᠮᠡᠳᠡᠭᠡ ᠵᠠᠩᠭᠢ ᠶᠢ ᠣᠶᠢᠯᠠᠭᠠᠵᠤ᠂ ᠨᠢᠭᠡᠨᠲᠡ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠥᠷᠨᠢᠭᠦᠯᠦᠭᠰᠡᠨ ᠲᠠᠷᠢᠶᠠᠴᠢᠨ ᠡᠷᠦᠬᠡ ᠶᠢᠨ ᠲᠤᠭ᠎ᠠ ᠵᠢᠴᠢ ᠡᠨᠡ ᠵᠢᠯ ᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠠᠬᠢᠭᠤᠯᠬᠤ ᠪᠠᠷ ᠲᠥᠯᠥᠪᠯᠡᠭᠰᠡᠨ ᠲᠠᠷᠢᠶᠠᠴᠢᠨ ᠡᠷᠦᠬᠡ ᠶᠢᠨ ᠲᠤᠭ᠎ᠠ ᠬᠡᠮᠵᠢᠶ᠎ᠡ ᠳᠤ ᠵᠠᠳᠠᠯᠤᠯᠲᠠ ᠬᠢᠵᠦ᠂ ᠡᠷᠦᠬᠡ ᠳᠠᠷᠠᠭᠠᠯᠠᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠠᠩᠰᠠ ᠡᠪᠬᠡᠮᠡᠯ ᠪᠠᠶᠢᠭᠤᠯᠵᠤ᠂ ᠤᠷᠢᠳᠴᠢᠯᠠᠨ ᠤᠬᠠᠭᠠᠯᠠᠨ ᠲᠥᠯᠥᠪᠯᠡᠵᠦ᠂ ᠡᠴᠦᠰ ᠲᠤᠨᠢ ᠲᠤᠯᠲᠠᠯ᠎ᠠ ᠲᠣᠭᠠᠯᠠᠵᠤ᠂ ᠮᠡᠳᠡᠭᠡ ᠵᠠᠩᠭᠢ ᠶᠢ ᠲᠣᠳᠣᠷᠬᠠᠢ ᠪᠣᠯᠭᠠᠬᠤ ᠬᠡᠷᠡᠭᠲᠡᠢ᠃ ᠠᠵᠢᠯ ᠤᠨ ᠲᠥᠰᠥᠯ ᠳᠤ ᠪᠥᠬᠦ ᠵᠢᠯ ᠳᠤ ᠬᠠᠷᠢᠶᠠᠯᠠᠭᠳᠠᠭᠰᠠᠨ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠨᠡᠷᠡᠰ ᠢ ᠲᠣᠳᠣᠷᠬᠠᠶᠢᠯᠠᠵᠤ᠂ ︽ᠠᠮᠤ ᠪᠤᠳᠠᠭ᠎ᠠ ᠶᠢ ᠣᠷᠣᠯᠠᠨ ᠬᠠᠳᠠᠭᠠᠯᠠᠬᠤ︾ ᠵᠢᠴᠢ ︽ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ︾ ᠵᠠᠭᠪᠤᠷ ᠢ ᠬᠠᠳᠠᠭᠠᠯᠠᠭᠳᠠᠴᠠ ᠶᠡᠭᠡ᠂ ᠬᠠᠳᠠᠭᠠᠯᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠮᠠᠶ᠋ᠢᠭ ᠪᠣᠯᠭᠠᠵᠤ᠂ ᠶᠡᠬᠡᠩᠬᠢ ᠬᠡᠰᠡᠭ ᠠᠮᠤ ᠪᠤᠳᠠᠭ᠎ᠠ ᠶᠢ ᠨᠠᠮᠤᠷ ᠤᠨ ᠬᠤᠷᠢᠶᠠᠯᠲᠠ ᠶᠢᠨ ᠳᠠᠷᠠᠭ᠎ᠠ ᠡᠷᠲᠡᠬᠡᠨ ︽ᠮᠥᠬᠦᠯᠢᠭ ᠢ ᠬᠥᠮᠥᠷᠭᠡ ᠳᠤ ᠣᠷᠣᠭᠤᠯᠬᠤ︾ ᠶᠢ ᠦᠨᠡᠨᠬᠦ ᠪᠠᠲᠤᠯᠠᠬᠤ ᠬᠡᠷᠡᠭᠲᠡᠢ᠃ ︵ᠳᠠᠭᠠᠯᠳᠤᠭᠤᠯᠤᠯ 3᠂ 4᠂ 5  ᠢ ᠵᠡᠷᠭᠡ ᠲᠤᠨᠢ ᠪᠡᠶᠡᠯᠡᠭᠦᠯᠦᠨ᠎ᠡ︶    ︵ᠭᠤᠷᠪᠠ︶ 2023 ᠣᠨ ᠤ 7 ︱ 8 ᠰᠠᠷ᠎ᠠ ᠳᠤ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ᠬᠤᠳᠠᠯᠳᠤᠨ ᠠᠪᠴᠤ᠂ ᠲᠠᠷᠢᠶᠠᠯᠠᠩ ᠠᠵᠤ ᠠᠬᠤᠶᠢᠯᠠᠯ ᠬᠠᠮᠲᠤᠷᠠᠯᠴᠠᠬᠤ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ 7 ᠰᠠᠷ᠎ᠠ  ᠠᠴᠠ ᠡᠬᠢᠯᠡᠨ᠂ ᠡᠯ᠎ᠡ ᠰᠢᠶᠠᠩ ᠪᠠᠯᠭᠠᠰᠤᠨ ᠤ ᠬᠢᠨ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠪᠠᠶᠢᠳᠠᠯ ᠢᠶᠠᠨ ᠦᠨᠳᠦᠰᠦᠯᠡᠨ᠂ ᠲᠠᠷᠢᠶᠠᠴᠢᠨ ᠡᠷᠦᠬᠡ ᠪᠤᠶᠤ ᠲᠣᠰᠬᠤᠨ ᠤ ᠬᠠᠮᠲᠤ ᠨᠡᠶᠢᠲᠡ  ᠶᠢ ᠬᠥᠲᠥᠯᠥᠨ ᠵᠢᠯᠤᠭᠤᠳᠴᠤ ᠪᠠᠶᠢᠭᠠᠳ ᠪᠣᠰᠤᠭ᠎ᠠ ᠴᠣᠭᠴᠠᠲᠤ ᠪᠠᠭᠠᠵᠢ ᠬᠡᠷᠡᠭᠰᠡᠯ  ᠢ ᠤᠷᠢᠳᠴᠢᠯᠠᠨ ᠪᠠᠶᠢᠭᠤᠯᠵᠤ᠂ ᠬᠤᠳᠠᠯᠳᠤᠨ ᠠᠪᠤᠭᠤᠯᠵᠤ᠂ ᠨᠠᠮᠤᠷ ᠤᠨ ᠬᠤᠷᠢᠶᠠᠯᠲᠠ  ᠶᠢᠨ ᠦᠶ᠎ᠡ ᠳᠤ ᠲᠥᠪᠯᠡᠷᠡᠭᠦᠯᠦᠨ ᠬᠤᠳᠠᠯᠳᠤᠨ ᠠᠪᠬᠤ  ᠠᠴᠠ ᠵᠠᠶᠢᠯᠠᠰᠬᠢᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ  ᠶᠢᠨ ᠬᠡᠯᠪᠡᠯᠵᠡᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠣᠷᠣᠯᠠᠨ ᠬᠠᠳᠠᠭᠠᠯᠠᠬᠤ ᠴᠢᠬᠤᠯᠠ ᠲᠠᠢ ᠪᠣᠯ ᠠᠮᠤ ᠪᠤᠳᠠᠭᠠᠨ ᠤ ᠬᠥᠮᠥᠷᠭᠡ ᠯᠦᠭᠡ ᠢᠳᠡᠪᠬᠢᠲᠡᠢ ᠪᠠᠷ ᠵᠣᠯᠭᠠᠭᠤᠯᠵᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠠᠮᠤ ᠪᠤᠳᠠᠭ᠎ᠠ ᠬᠠᠳᠠᠭᠠᠯᠠᠬᠤ ᠭᠡᠷ᠎ᠡ ᠲᠣᠭᠲᠠᠭᠠᠬᠤ ᠶᠢ ᠰᠦᠪᠡᠭᠴᠢᠯᠡᠬᠦ ᠬᠡᠷᠡᠭᠲᠡᠢ᠃ ᠡᠭᠦᠨ ᠤ ᠬᠠᠮᠲᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ ᠪᠠ ᠪᠠᠯᠭᠠᠰᠤ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠤᠨ ᠠᠮᠤ ᠪᠤᠳᠠᠭ᠎ᠠ ᠨᠥᠭᠡᠴᠡᠯᠡᠬᠦ ᠠᠵᠢᠯ ᠢ ᠰᠠᠶᠢᠲᠤᠷ ᠬᠢᠬᠦ ᠪᠣᠳᠠᠲᠠᠢ ᠵᠢᠯᠣᠭᠤᠳᠤᠯᠭ᠎ᠠ ᠶᠢ ᠨᠢᠭᠡᠳᠦᠯᠲᠡᠢ ᠲᠥᠯᠥᠪᠯᠡᠵᠦ᠂ ᠡᠯ᠎ᠡ ᠰᠢᠶᠠᠩ ᠪᠠᠯᠭᠠᠰᠤ ᠬᠢᠯᠠᠰ ᠴᠡᠭᠲᠦ ᠠᠵᠢᠯ ᠤᠨ ᠮᠡᠳᠡᠭᠡ ᠵᠠᠩᠭᠢ ᠶᠢ ᠤᠬᠠᠭᠤᠯᠬᠤ ᠪᠠ ᠮᠡᠳᠡᠭᠦᠯᠦᠨ ᠬᠦᠷᠭᠡᠬᠦ ᠪᠠᠨ ᠴᠢᠩᠭᠠᠳᠬᠠᠵᠤ᠂ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠬᠤᠪᠢ ᠨᠡᠮᠡᠬᠦ ᠵᠦᠢᠯ ᠪᠣᠯᠭᠠᠬᠤ ᠬᠡᠷᠡᠭᠲᠡᠢ᠃    ︵ᠳᠥᠷᠪᠡ︶ 2023 ᠣᠨ ᠤ 9 ᠰᠠᠷ᠎ᠠ ᠳᠤ ᠪᠥᠬᠦ ᠬᠤᠰᠢᠭᠤᠨ ᠤ ᠬᠡᠪᠴᠢᠶᠡᠨ ᠳᠤ ᠨᠢᠭᠡ ᠤᠳᠠᠭᠠᠨ ᠤ ᠶᠡᠭᠡ ᠪᠠᠶᠢᠴᠠᠭᠠᠯᠲᠠ ᠥᠷᠨᠢᠭᠦᠯᠦᠨ᠎ᠡ᠃ 9 ᠰᠠᠷ᠎ᠠ ᠶᠢᠨ ᠡᠬᠢᠨ ᠳᠤ᠂ ᠬᠤᠰᠢᠭᠤᠨ ᠤ ᠰᠢᠨᠵᠢᠯᠡᠬᠦ ᠤᠬᠠᠭᠠᠨ ᠤ ᠠᠮᠤ ᠪᠤᠳᠠᠭ᠎ᠠ ᠨᠥᠭᠡᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠰᠢᠪᠠᠳᠠᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ 2023 ᠣᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨ ᠤ ᠠᠮᠤ ᠪᠤᠳᠠᠭ᠎ᠠ ᠨᠥᠭᠡᠴᠡᠯᠡᠵᠦ ᠭᠠᠮᠨᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯ ᠤᠨ ᠪᠡᠯᠡᠳᠬᠡᠯ ᠪᠠᠶᠢᠳᠠᠯ᠂ ᠳᠡᠯᠭᠡᠷᠡᠭᠦᠯᠦᠯᠲᠡ ᠶᠢᠨ ᠪᠠᠶᠢᠳᠠᠯ ᠳᠤ ᠨᠢᠭᠡ ᠤᠳᠠᠭᠠᠨ ᠤ ᠶᠡᠭᠡ ᠪᠠᠶᠢᠴᠠᠭᠠᠯᠲᠠ ᠬᠢᠨ᠎ᠡ᠃ ᠡᠯ᠎ᠡ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠤᠬᠠᠭᠤᠯᠭ᠎ᠠ᠂ ᠲᠠᠩᠰᠠ ᠡᠪᠬᠡᠮᠡᠯ ᠪᠠᠶᠢᠭᠤᠯᠤᠭᠰᠠᠨ᠂ ᠪᠣᠰᠤᠭ᠎ᠠ ᠴᠣᠭᠴᠠᠲᠤ ᠪᠠᠭᠠᠵᠢ ᠬᠡᠷᠡᠭᠰᠡᠯ ᠬᠤᠳᠠᠯᠳᠤᠨ ᠠᠪᠤᠭᠰᠠᠨ᠂ ᠭᠡᠷ᠎ᠡ ᠲᠣᠭᠲᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠮᠡᠳᠡᠭᠡᠯᠡᠬᠦ ᠬᠡᠷᠡᠭᠲᠡᠢ᠃    ︵ᠲᠠᠪᠤ︶ 2023 ᠣᠨ ᠤ 10 ᠰᠠᠷ᠎ᠠ  ᠠᠴᠠ 11 ᠰᠠᠷ᠎ᠠ ᠪᠣᠯᠲᠠᠯ᠎ᠠ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ 10 ᠰᠠᠷ᠎ᠠ ᠶᠢᠨ 1 ᠤ ᠡᠳᠦᠷ ᠠᠴᠠ ᠡᠮᠦᠨ᠎ᠡ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠤᠨ ᠪᠡᠯᠡᠳᠬᠡᠯ ᠤᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ︔ 11 ᠰᠠᠷ᠎ᠠ ᠶᠢᠨ 1 ᠤ ᠡᠳᠦᠷ ᠠᠴᠠ ᠡᠬᠢᠯᠡᠨ᠂ ᠭᠠᠷᠠᠭ ᠪᠦᠷᠢ ᠶᠢᠨ ᠨᠢᠭᠡᠨ ᠳᠤ ᠰᠢᠨᠵᠢᠯᠡᠬᠦ ᠤᠬᠠᠭᠠᠨ ᠤ ᠬᠠᠳᠠᠭᠠᠯᠠᠮᠵᠢ ᠶᠢᠨ ᠠᠮᠤ ᠪᠤᠳᠠᠭᠠᠨ ᠤ ᠲᠣᠬᠢᠷᠠᠭᠤᠯᠤᠯᠲᠠ ᠶᠢᠨ 12  ᠰᠠᠷ᠎ᠠ ᠶᠢᠨ 20 ᠤ ᠡᠳᠦᠷ ᠠᠴᠠ ᠡᠮᠦᠨ᠎ᠡ ᠣᠨ ᠤ ᠳ᠋ᠦᠩᠨᠡᠯᠲᠡ ᠶᠢᠨ ᠮᠡᠳᠡᠭᠦᠯᠦᠯᠲᠡ ᠵᠢᠴᠢ ᠬᠢᠯᠠᠰ ᠴᠡᠭ ᠤᠨ ᠠᠵᠢᠯ ᠢᠶᠠᠨ ᠳᠡᠭᠡᠭᠰᠢ ᠮᠡᠳᠡᠭᠦᠯᠦᠨ᠎ᠡ︔ ᠡᠯ᠎ᠡ ᠭᠠᠵᠠᠷ ᠤᠨ ᠬᠢᠨ ᠥᠪᠡᠷ ᠤᠨ ᠪᠠᠶᠢᠴᠠᠭᠠᠯᠲᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ  ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠲᠡᠷᠢᠭᠦᠨ ᠤ ᠨᠡᠶᠢᠲᠡᠯᠢᠭ ᠵᠢᠱᠢᠶ᠎ᠡ ᠶᠢ ᠣᠯᠵᠤ ᠮᠡᠳᠡᠪᠡᠯ ᠴᠠᠭ ᠲᠤᠬᠠᠢ ᠳᠤᠨᠢ ᠵᠠᠷᠯᠠᠨ ᠰᠠᠶᠢᠰᠢᠶᠠᠬᠤ ᠶᠢᠨ ᠬᠠᠮᠲᠤ ᠪᠡᠯᠡ ᠮᠥᠩᠭᠦ ᠪᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠤᠷᠢᠳᠠᠪᠠᠷ ᠳᠡᠮᠵᠢᠯᠭᠡ ᠦᠵᠡᠭᠦᠯᠦᠨ᠎ᠡ︔ ᠠᠬᠢᠭᠤᠯᠬᠤ ᠨᠢ ᠤᠳᠠᠭᠠᠨ ᠭᠠᠵᠠᠷ ᠣᠷᠣᠨ ᠢ ᠣᠯᠵᠤ ᠮᠡᠳᠡᠪᠡᠯ ᠨᠡᠪᠲᠡᠷᠡᠭᠦᠯᠦᠨ ᠰᠢᠭᠦᠮᠵᠢᠯᠡᠨ᠎ᠡ᠃    ︵ᠵᠢᠷᠭᠤᠭ᠎ᠠ︶ 2023 ᠣᠨ ᠤ 12 ᠰᠠᠷ᠎ᠠ  ᠠᠴᠠ 2024 ᠣᠨ ᠤ 1 ᠰᠠᠷ᠎ᠠ ᠪᠣᠯᠲᠠᠯ᠎ᠠ᠂ 2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠭᠠᠮᠨᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠤᠷᠢᠳᠴᠢᠯᠠᠨ ᠰᠢᠯᠭᠠᠨ ᠠᠪᠬᠤ ᠠᠵᠢᠯ ᠢ ᠶᠠᠪᠤᠭᠳᠠᠭᠤᠯᠤᠨ᠎ᠠ᠃ ᠡᠯ᠎ᠡ ᠰᠢᠶᠠᠩ ᠪᠠᠯᠭᠠᠰᠤ ᠶᠢᠨ ᠳᠡᠭᠡᠭᠰᠢ ᠮᠡᠳᠡᠭᠦᠯᠦᠭᠰᠡᠨ ᠪᠡᠶᠡᠯᠡᠭᠦᠯᠦᠭᠰᠡᠨ ᠶᠡᠷᠦᠩᠬᠡᠢ ᠲᠤᠭ᠎ᠠ ᠬᠡᠮᠵᠢᠶ᠎ᠡ᠂ ᠪᠣᠰᠤᠭ᠎ᠠ ᠴᠣᠭᠴᠠᠲᠤ ᠪᠠᠭᠠᠵᠢ ᠬᠡᠷᠡᠭᠰᠡᠯ ᠤᠨ ᠬᠠᠳᠠᠭᠠᠯᠠᠬᠤ ᠲᠤᠭ᠎ᠠ ᠬᠡᠮᠵᠢᠶ᠎ᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠰᠢᠯᠭᠠᠨ ᠠᠪᠬᠤ ᠶᠢ ︵90 ᠬᠤᠪᠢ ︵ᠪᠠᠭᠲᠠᠨ᠎ᠠ︶  ᠠᠴᠠ ᠳᠡᠭᠡᠭᠰᠢᠬᠢ ᠨᠢ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ︶ ᠬᠢᠵᠦ᠂ 2023 ᠣᠨ ᠤ ᠬᠠᠷᠠᠯᠲᠠ ᠪᠠᠨ ᠪᠡᠶᠡᠯᠡᠭᠦᠯᠦᠭᠡᠳᠦᠢ ᠰᠤᠮᠤ ᠰᠢᠶᠠᠩ ᠪᠠᠯᠭᠠᠰᠤ ᠶᠢ ᠰᠢᠯᠭᠠᠨ ᠠᠪᠬᠤ ᠦᠭᠡᠢ ᠃ ᠰᠢᠯᠭᠠᠨ ᠠᠪᠬᠤ ᠠᠷᠭ᠎ᠠ ᠮᠠᠶ᠋ᠢᠭ ᠲᠤ᠄ ᠲᠤᠬᠠᠢ ᠶᠢᠨ ᠲᠠᠯᠠᠪᠤᠷ ᠲᠤ ᠰᠢᠯᠭᠠᠨ ᠠᠪᠬᠤ ︵50 ᠬᠤᠪᠢ︶ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠠᠷᠴᠢᠮ ᠪᠣᠯ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ ︽ᠨᠦᠭᠡᠴᠡᠯᠡᠭᠰᠡᠨ ᠠᠮᠤ ᠪᠤᠳᠠᠭ᠎ᠠ ᠢᠯᠡᠷᠡᠬᠦ ᠦᠭᠡᠢ︾ ︵ᠦᠭᠡᠶᠢᠰᠬᠡᠬᠦ ᠵᠦᠢᠯ︶ ᠪᠣᠯᠣᠨ᠎ᠠ᠂ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ᠢ ᠭᠠᠵᠠᠷ ᠤᠨ ᠠᠮᠤ ᠪᠤᠳᠠᠭᠠᠨ ᠤ ᠶᠡᠷᠦᠩᠬᠡᠢ ᠬᠡᠮᠵᠢᠶ᠎ᠡ ᠶᠢᠨ 40% ︵50 ᠬᠤᠪᠢ︶ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠵᠢᠱᠢᠶ᠎ᠡ ᠦᠵᠡᠭᠦᠯᠬᠦ ᠪᠤᠰᠤ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠤᠭ᠎ᠠ ᠬᠡᠮᠵᠢᠶ᠎ᠡ ᠶᠢ 40%  ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠮᠠᠲ᠋ᠧᠷᠢᠶᠠᠯ ᠢ ᠰᠢᠯᠭᠠᠨ ᠠᠪᠬᠤ ︵50 ᠬᠤᠪᠢ + ᠬᠤᠪᠢ ᠨᠡᠮᠡᠬᠦ︶ ᠳᠤ᠄ 2023 ᠣᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠠᠬᠢᠭᠤᠯᠬᠤ ᠬᠤᠷᠠᠯ᠂ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠬᠤᠷᠠᠯ ᠤᠨ ᠮᠠᠲ᠋ᠧᠷᠢᠶᠠᠯ ︵10 ᠬᠤᠪᠢ︶᠂ ᠪᠣᠰᠤᠭ᠎ᠠ ᠴᠣᠭᠴᠠᠲᠤ ᠠᠮᠤ ᠪᠤᠳᠠᠭ᠎ᠠ ᠨᠥᠭᠡᠴᠡᠯᠡᠬᠦ ᠪᠠᠭᠠᠵᠢ ᠬᠡᠷᠡᠭᠰᠡᠯ ᠤᠨ ᠵᠠᠭᠪᠤᠷ ︵ᠭᠤᠣᠯᠳᠠᠯᠭ᠎ᠠ ᠲᠠᠢ ᠲᠣᠰᠬᠤᠨ 50% ᠶᠢ ᠡᠵᠡᠯᠡᠨ᠎ᠡ︶ ︵10 ᠬᠤᠪᠢ︶ ᠢ ᠥᠷᠨᠢᠭᠦᠯᠵᠦ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠢᠭᠤᠴᠠᠯᠭ᠎ᠠ ᠶᠢᠨ ᠪᠢᠴᠢᠭ ︵ᠰᠢᠶᠠᠩ ᠲᠣᠰᠬᠤᠨ ᠳᠤ︶ ︵10 ᠬᠤᠪᠢ︶᠂ ᠣᠨ ᠤ ᠳ᠋ᠦᠩᠨᠡᠯᠲᠡ ᠶᠢᠨ ᠮᠡᠳᠡᠭᠦᠯᠦᠯᠲᠡ ᠵᠢᠴᠢ ᠠᠵᠢᠯ ᠤᠨ ᠬᠢᠯᠠᠰ ᠴᠡᠭ ︵5 ᠬᠤᠪᠢ + ᠬᠤᠪᠢ ᠨᠡᠮᠡᠬᠦ︶ ᠳᠤ ᠣᠷᠣᠭᠤᠯᠤᠨ᠎ᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠃ ᠬᠤᠰᠢᠭᠤᠨ ᠤ ᠲᠠᠰ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠰᠢᠭᠤᠨ ᠤ ᠲᠠᠰ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠡᠯ᠎ᠡ ᠰᠤᠮᠤ ᠰᠢᠶᠠᠩ ᠪᠠᠯᠭᠠᠰᠤ᠂ ᠲᠥᠪ ᠤᠨ ᠭᠤᠣᠯ ᠤᠳᠤᠷᠢᠳᠤᠯᠭ᠎ᠠ ᠪᠠᠷ ᠪᠦᠷᠢᠯᠳᠦᠭᠦᠨ ᠪᠣᠯᠭᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠨᠢ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ᠂ ᠵᠣᠬᠢᠴᠠᠭᠤᠯᠬᠤ ᠪᠠ ᠠᠵᠢᠯ ᠤᠨ ᠠᠬᠢᠴᠠ᠂ ᠶᠠᠰᠤ ᠴᠢᠨᠠᠷ ᠢ ᠪᠠᠶᠢᠴᠠᠭᠠᠬᠤ ᠵᠢᠴᠢ ᠤᠷᠢᠳᠴᠢᠯᠠᠨ ᠰᠢᠯᠭᠠᠨ ᠠᠪᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠷᠠᠭᠤᠯᠤᠨ᠂ ᠬᠢᠨᠠᠨ ᠰᠢᠯᠭᠠᠬᠤ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠲᠣᠰ ᠰᠢᠶᠠᠩ ᠪᠠᠯᠭᠠᠰᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠬᠠᠷᠠᠯᠲᠠ ᠪᠠ ᠡᠭᠦᠷᠭᠡ ᠪᠠᠨ ᠲᠣᠳᠣᠷᠬᠠᠶᠢᠯᠠᠨ᠂ ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠷᠠᠯ ᠬᠤᠷᠠᠯᠳᠤᠭᠤᠯᠵᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠲᠤᠰᠬᠠᠢ ᠰᠤᠳᠤᠯᠬᠤ ᠬᠡᠷᠡᠭᠲᠡᠢ ᠃ ᠡᠭᠦᠨ ᠤ ᠬᠠᠮᠲᠤ᠂ ᠡᠯ᠎ᠡ ᠱᠠᠲᠤᠨ ᠤ ᠬᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠲᠤᠰᠬᠠᠶᠢᠯᠠᠨ ᠰᠢᠮᠳᠠᠭᠤᠯᠤᠨ ᠬᠢᠵᠦ᠂ ︽ᠲᠠᠷᠢᠶᠠᠴᠢᠳ ᠲᠤ ᠠᠰᠢᠭᠲᠠᠢ ᠪᠠᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠳᠡᠯᠭᠡᠷᠡᠭᠦᠯᠬᠦ ᠳᠤ ︽ᠬᠥᠳᠡᠭᠡ ᠲᠣᠰᠬᠤᠨ ᠢ ᠭᠤᠶᠣᠵᠢᠭᠤᠯᠬᠤ ᠮᠥᠷᠲᠡᠭᠡᠨ ᠪᠠᠰᠠ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ︾ ᠬᠡᠷᠡᠭᠲᠡᠢ᠃    ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ᠃ ᠡᠯ᠎ᠡ ᠰᠢᠶᠠᠩ ᠪᠠᠯᠭᠠᠰᠤ ᠨᠤᠭᠤᠳ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠠᠶᠢᠯ ᠲᠣᠰᠬᠤᠨ ᠳᠠᠭᠠᠨ ᠪᠠᠶᠢᠩᠭᠤ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠬᠤᠰᠢᠭᠤᠨ ᠤ ᠰᠢᠨᠵᠢᠯᠡᠬᠦ ᠤᠬᠠᠭᠠᠨ ᠤ ᠠᠮᠤ ᠪᠤᠳᠠᠭ᠎ᠠ ᠨᠥᠭᠡᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠤᠨ᠎ᠠ᠃ ᠠᠵᠢᠯᠯᠠᠭ᠎ᠠ  ᠨᠢ ᠤᠳᠠᠭᠠᠨ᠂ ᠠᠵᠢᠯ ᠢᠶᠠᠨ ᠪᠣᠳᠠᠲᠠᠶᠢᠵᠢᠭᠤᠯᠤᠭᠰᠠᠨ ᠦᠭᠡᠢ᠂ ᠡᠭᠦᠷᠭᠡ ᠪᠠᠨ ᠰᠠᠶᠢᠲᠤᠷ ᠪᠡᠶᠡᠯᠡᠭᠦᠯᠦᠭᠰᠡᠨ ᠦᠭᠡᠢ ᠭᠠᠵᠠᠷ ᠣᠷᠣᠨ ᠢ ᠵᠠᠷᠯᠠᠨ ᠰᠢᠭᠦᠮᠵᠢᠯᠡᠨ᠎ᠡ᠃    ︵ᠳᠥᠷᠪᠡ︶ ᠪᠡᠯᠡ ᠮᠥᠩᠭᠦ ᠶᠢᠨ ᠪᠠᠲᠤᠯᠠᠭ᠎ᠠ᠃ ᠠᠶᠢᠮᠠᠭ ᠤᠨ ᠲᠣᠰ ᠱᠠᠲᠤᠨ ᠤ ᠡᠳ᠋ ᠤᠨ ᠵᠠᠰᠠᠭ  ᠠᠴᠠ 2023 ᠣᠨ ᠳᠤ 400 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠱᠠᠩᠨᠠᠨ ᠨᠥᠬᠦᠪᠦᠷᠢᠯᠡᠬᠦ ᠪᠡᠯᠡ ᠮᠥᠩᠭᠦ ᠶᠢ 500 ᠲᠦᠮᠡᠨ ᠲᠥᠭᠦᠷᠢᠭ ᠲᠣᠬᠢᠷᠠᠭᠤᠯᠵᠤ᠂ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠭᠠᠮᠨᠠᠨ ᠭᠠᠮᠨᠠᠵᠤ ᠬᠤᠬᠢᠷᠠᠯ ᠢ ᠪᠠᠭᠠᠰᠬᠠᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠱᠠᠩᠨᠠᠨ ᠨᠥᠬᠦᠪᠦᠷᠢᠯᠡᠬᠦ ᠳᠤ ᠨᠢᠭᠡᠳᠦᠯᠲᠡᠢ ᠲᠥᠯᠥᠪᠯᠡᠨ ᠬᠡᠷᠡᠭᠯᠡᠵᠦ᠂ ᠪᠡᠶᠡᠯᠡᠭᠦᠯᠦᠭᠡᠳᠦᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠱᠠᠩᠨᠠᠨ ᠬᠥᠬᠢᠭᠦᠯᠬᠦ ᠦᠭᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号