ᠤᠳᠬ᠎ᠠ ᠤᠷᠠᠯᠢᠭ ᠢᠶᠠᠷ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2023/11/1
    ᠣᠶᠢᠷ᠎ᠠ ᠶᠢᠨ ᠵᠢᠯ ᠳᠤ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ  ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶ᠋ᠢ  ᠰᠤᠷᠤᠯᠴᠠᠨ ᠨᠠᠶᠢᠳᠠᠪᠤᠷᠢᠵᠢᠭᠤᠯᠬᠤ ᠪᠠᠷ ᠠᠵᠢᠯ ᠤᠨ ᠭᠤᠤᠯᠳᠠᠯᠭ᠎ᠠ ᠪᠤᠯᠭᠠᠵᠤ᠂ ᠠᠷᠠᠳ ᠤᠯᠠᠨ ᠳᠤ ᠳᠠᠭᠠᠰᠢᠶᠠᠭᠳᠠᠬᠤ ᠤᠷᠠᠨ ᠪᠦᠲᠦᠭᠡᠯ ᠢ ᠢᠳᠡᠪᠬᠢᠯᠡᠨ ᠵᠣᠬᠢᠶᠠᠨ ᠪᠦᠲᠦᠭᠡᠵᠦ ᠂ ᠡᠯᠪᠡᠭ ᠪᠠᠶᠠᠯᠢᠭ ᠠᠭᠤᠯᠭ᠎ᠠ ᠪᠦᠬᠦᠢ ᠤᠳᠬ᠎ᠠ ᠤᠷᠠᠯᠢᠭ ᠤᠨ ᠬᠡᠯᠪᠡᠷᠢ ᠪᠠᠷ ᠨᠠᠮ ᠤᠨ ᠬᠠᠯᠠᠮᠵᠢᠯᠠᠯ ᠢ ᠤᠯᠠᠨ ᠲᠦᠮᠡᠨ ᠳ᠋ᠦ᠍ ᠬᠦᠷᠭᠡᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠤᠷᠤᠬᠤ ᠳᠤ ᠪᠥᠵᠢᠭᠴᠢᠳ ᠤᠨ ᠶᠠᠭᠠᠷᠠᠯᠲᠠᠢ ᠪᠤᠯᠪᠠᠰᠤᠷᠠᠵᠤ ᠪᠠᠶᠢᠭ᠎ᠠ ᠦᠵᠡᠭᠳᠡᠯ ᠬᠠᠷᠠᠭᠠᠨ ᠳᠤ ᠳᠤᠳᠤᠷᠠᠨ᠎ᠠ᠃ ᠤᠯᠠᠭᠠᠨᠮᠥ᠋ᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠠᠷ ᠂ ᠲᠡᠳᠡ ᠡᠩ ᠤᠨ ᠴᠠᠭ ᠤᠨ ᠰᠢᠷᠭᠠᠭᠤ ᠪᠤᠯᠪᠠᠰᠤᠷᠠᠯ ᠠᠴᠠ ᠭᠠᠳᠠᠨ᠎ᠠ ᠪᠠᠰᠠ ᠲᠣᠭᠯᠠᠯᠲᠠ ᠭᠠᠷᠭᠠᠬᠤ᠂ ᠰᠤᠷᠳᠠᠯ ᠤᠬᠠᠭᠤᠯᠭ᠎ᠠ᠂ ᠬᠠᠪᠰᠤᠷᠤᠨ ᠵᠢᠯᠤᠭᠤᠳᠬᠤ᠂ ᠤᠯᠠᠨ ᠲᠦᠮᠡᠨ ᠳᠤ ᠦᠢᠯᠡᠴᠢᠯᠡᠬᠦ᠂ ᠰᠢᠨ᠎ᠡ ᠶᠢ ᠡᠭᠦᠳᠬᠦ᠂ ᠵᠣᠬᠢᠶᠠᠨ ᠪᠦᠲᠦᠭᠡᠬᠦ᠂ ᠤᠯᠠᠮᠵᠢᠯᠡᠨ ᠬᠥᠭᠵᠢᠭᠦᠯᠬᠦ ᠂ ᠭᠠᠳᠠᠭᠠᠳᠤ ᠲᠠᠢ ᠰᠣᠯᠢᠯᠴᠠᠭ᠎ᠠ ᠬᠢᠬᠦ ᠵᠡᠷᠭᠡ ᠤᠯᠠᠨ ᠵᠦᠢᠯ ᠤᠨ ᠡᠭᠦᠷᠭᠡ ᠶᠢ ᠪᠡᠶᠡᠯᠡᠭᠦᠯᠵᠤ ᠪᠠᠶᠢᠳᠠᠭ᠃ ᠲᠡᠳᠡ ᠵᠢᠯ ᠳᠤ ᠪᠥᠬᠦ ᠬᠤᠰᠢᠭᠤᠨ ᠤ  ᠪᠠᠨ 14 ᠰᠤᠮᠤ ᠰᠢᠶᠠᠩ ᠪᠠᠯᠭᠠᠰᠤ ᠶ᠋ᠢᠨ 228 ᠭᠠᠴᠠᠭ᠎ᠠ ᠲᠣᠰᠬᠤᠨ ᠳᠤ 100 ᠠᠴᠠ ᠳᠡᠭᠡᠭᠰᠢ ᠳᠠᠯᠠᠪᠠᠢ ᠲᠣᠭᠯᠠᠯᠲᠠ ᠭᠠᠷᠭᠠᠵᠤ᠂ ᠡᠯᠪᠡᠭ ᠪᠠᠶᠠᠯᠢᠭ ᠬᠡᠯᠪᠡᠷᠢ ᠪᠠ ᠭᠦᠨ ᠵᠤᠵᠠᠭᠠᠨ ᠤᠳᠬ᠎ᠠ ᠠᠭᠤᠯᠭ᠎ᠠ ᠲᠠᠢ ᠤᠷᠠᠯᠢᠭ ᠤᠨ ᠪᠦᠲᠦᠭᠡᠯ ᠤᠳ ᠢ ᠥᠷᠭᠡᠨ ᠣᠯᠠᠨ ᠮᠠᠯᠴᠢᠨ ᠲᠠᠷᠢᠶᠠᠴᠢᠨ ᠳ᠋ᠦ᠍ ᠰᠤᠨᠢᠷᠬᠠᠭᠤᠯᠬᠤ ᠶᠢᠨ ᠬᠠᠮᠲᠤ ᠤᠯᠠᠨᠳᠠ ᠤᠷᠤᠯᠳᠤᠭᠠᠨ ᠳᠤ ᠤᠷᠤᠯᠴᠠᠵᠦ ᠢᠷᠠᠭᠤ ᠠᠯᠳᠠᠷ ᠬᠦᠷᠲᠡᠭᠰᠡᠨ ᠪᠠᠶᠢᠳᠠᠭ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ  ᠨᠢ 2022 ᠣᠨ ᠤ ᠠᠷᠪᠠᠳᠤᠭᠠᠷ ᠬᠤᠭᠤᠴᠠᠭᠠᠨ ᠤ ᠤᠮᠠᠷᠠᠲᠤ ᠣᠷᠣᠨ ᠤ ᠲᠠᠪᠤᠨ ᠮᠤᠵᠢ ︵ᠣᠷᠣᠨ︶ ᠬᠤᠲᠠ ᠶᠢᠨ ᠪᠥᠵᠢᠭ ᠤᠨ ᠤᠷᠤᠯᠳᠤᠭᠠᠨ ︵ᠲᠤᠰᠬᠠᠢ ᠮᠡᠷᠭᠡᠵᠢᠯ ᠤᠨ ᠵᠠᠯᠠᠭᠤᠴᠤᠳ ᠤᠨ ᠳᠤᠭᠤᠶᠢᠯᠠᠩ︶ ᠳᠤ ︽ᠴᠡᠴᠡᠭ ᠳᠡᠯᠭᠡᠷᠡᠭᠰᠡᠨ ᠲᠡᠷᠡ ᠵᠢᠯ︾ ᠬᠡᠭᠦ ᠪᠦᠲᠦᠭᠡᠯ ᠢ᠋ᠶ᠋ᠠᠷ ᠢ᠋ᠶ᠋ᠠᠨ ᠭᠤᠷᠪᠠᠳᠤᠭᠠᠷ ᠳᠡᠰ ᠤᠨ ᠱᠠᠩᠨᠠᠯ ᠬᠦᠷᠲᠡᠵᠦ᠂ ᠶᠢᠰᠦᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ︽ ᠰᠠᠯᠬᠢ ᠪᠣᠷᠣᠭᠠᠨ ᠤ ᠳᠤᠮᠳᠠᠬᠢ ᠳᠤᠷᠠᠰᠤᠮᠵᠢ ︾ ᠭᠡᠬᠦ ᠨᠠᠶᠢᠷᠠᠯ ᠬᠥᠭᠵᠢᠮ ᠢ᠋ᠶ᠋ᠠᠷ ᠢ᠋ᠶ᠋ᠠᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ︽ ᠪᠠᠳᠠᠷᠠᠯᠲᠤ ᠦᠶ᠎ᠡ ᠶᠢᠨ ᠬᠥᠭ ᠠᠶᠠᠯᠭᠤ ︾ ᠭᠡᠬᠦ ᠳᠠᠭᠤᠤ ᠪᠡᠷ ᠢ᠋ᠶ᠋ᠠᠨ ᠵᠣᠬᠢᠶᠠᠨ ᠪᠦᠲᠦᠭᠡᠯᠭᠡ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠡᠷᠡᠭᠲᠡᠢ ᠡᠮᠡᠭᠲᠡᠢ ᠶᠢᠨ ᠬᠠᠮᠳᠤ ᠶᠢᠨ ᠪᠥᠵᠢᠭ ︽ ᠡᠶ᠎ᠡ ᠵᠣᠬᠢᠴᠠᠩᠭᠤᠢ ᠶᠠᠲᠤᠭ᠎ᠠ ᠶᠢᠨ ᠠᠶᠠᠯᠭᠤ ︾ ᠪᠡᠷ ᠢ᠋ᠶ᠋ᠠᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠡᠮᠡᠭᠲᠡᠢ ᠶᠢᠨ ᠬᠠᠮᠳᠤ ᠶᠢᠨ ᠪᠥᠵᠢᠭ ︽ ᠰᠠᠷᠠᠯᠠᠩ ᠤᠨ ᠰᠢᠪᠡᠨᠡᠭᠡ︾ ᠪᠡᠷ ᠢ᠋ᠶ᠋ᠠᠨ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ 2023 ᠣᠨ ᠤ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠳᠤ ︽ᠬᠤᠷᠴᠢᠨ ᠪᠠᠭᠠᠲᠤᠷ︾ ᠬᠡᠭᠦ ᠪᠥᠵᠢᠭ ᠢ᠋ᠶ᠋ᠠᠷ ᠢ᠋ᠶ᠋ᠠᠨ ᠭᠤᠷᠪᠠᠳᠤᠭᠠᠷ ᠳᠡᠰ ᠤᠨ ᠱᠠᠩᠨᠠᠯ ᠬᠦᠷᠲᠡᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ︽ᠰᠠᠷᠠᠨ᠎ᠠ︾ ᠱᠠᠩᠨᠠᠯ ᠢ ᠰᠢᠯᠭᠠᠷᠠᠭᠤᠯᠬᠤ ᠤᠷᠤᠯᠳᠤᠭᠠᠨ ᠳᠤ ︽ ᠤᠷᠠᠨ ᠪᠦᠰᠡᠭᠦᠢ ︾ ᠭᠡᠬᠦ ᠬᠠᠮᠳᠤ ᠶᠢᠨ ᠪᠥᠵᠢᠭ ᠢ᠋ᠶ᠋ᠠᠷ ᠢ᠋ᠶ᠋ᠠᠨ ︽ᠰᠠᠷᠠᠨ᠎ᠠ︾ ᠱᠠᠩᠨᠠᠯ ᠢ ᠬᠦᠷᠳᠡᠭᠰᠡᠨ ᠪᠠᠶᠢᠨ᠎ᠠ ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号