2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠠᠵᠢᠯᠲᠠᠨ ᠠᠵᠢᠯᠴᠢᠨ ᠤ ᠲᠤᠯᠤᠭᠠᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/11/11
   11 ᠰᠠᠷ᠎ᠠ ᠶᠢᠨ 8 ᠤ ᠡᠳᠦᠷ᠂ 2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠠᠵᠢᠯᠲᠠᠨ ᠠᠵᠢᠯᠴᠢᠨ ᠤ ᠲᠤᠯᠤᠭᠠᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ 11 ᠤᠷᠤᠯᠳᠤᠭᠠᠨ ᠳᠤ ᠣᠷᠣᠯᠴᠠᠬᠤ ᠠᠩᠭᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠨᠣᠭᠤᠭᠠᠨ ᠵᠦᠯᠭᠡᠨ ᠲᠠᠯᠠᠪᠤᠷ ᠲᠤ ᠴᠤᠭᠯᠠᠷᠠᠨ ᠬᠥᠯ ᠪᠥᠮᠪᠦᠭᠡ ᠶᠢᠨ ᠮᠡᠷᠭᠡᠵᠢᠯ ᠢᠶᠠᠨ ᠮᠥᠷᠥᠶᠢᠴᠡᠪᠡ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠠᠶᠢᠮᠠᠭ᠂ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ ᠤᠨ ᠠᠩᠭᠢ ᠤᠷᠮ᠎ᠠ ᠵᠣᠷᠢᠭ ᠪᠠᠳᠠᠷᠠᠩᠭᠤᠢ ᠪᠠᠷ ᠲᠠᠯᠠᠪᠠᠢ ᠳᠤ ᠣᠷᠣᠵᠤ᠂ ᠴᠤᠭ ᠵᠢᠪᠬᠤᠭ᠎ᠠ ᠪᠠᠨ ᠪᠠᠳᠠᠷᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ ᠬᠤᠷᠠᠯ ᠡᠬᠢᠯᠡᠬᠦ ᠦᠭᠡ ᠬᠡᠯᠡᠪᠡ᠃ ᠳᠠᠷᠠᠭ᠎ᠠ ᠨᠢ ᠬᠢᠨᠠᠭᠴᠢ᠂ ᠲᠠᠮᠢᠷᠴᠢᠳ ᠤᠨ ᠲᠥᠯᠥᠭᠡᠯᠡᠭᠴᠢ ᠲᠣᠰ ᠲᠣᠰ ᠲᠠᠩᠭᠠᠷᠢᠭᠯᠠᠵᠤ᠂ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠰᠢᠸ ᠿᠦ᠋ ᠹᠧᠩ ᠪᠥᠮᠪᠥᠭᠡᠨ ᠤᠷᠤᠯᠳᠤᠭᠠᠨ ᠡᠬᠢᠯᠡᠭᠰᠡᠨ ᠢ ᠵᠠᠷᠯᠠᠵᠤ᠂ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ᠂ ᠬᠤᠰᠢᠭᠤᠨ ᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠤᠯᠳᠤᠭᠠᠨ ᠳᠤ ᠣᠷᠣᠯᠴᠠᠵᠤ ᠡᠬᠢᠯᠡᠪᠡ᠃    ᠱᠦᠭᠯᠦ ᠶᠢᠨ ᠲᠠᠭᠤᠨ ᠢ ᠳᠠᠭᠠᠯᠳᠤᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠶᠠᠷ ᠰᠠᠯᠠᠭ᠎ᠠ ᠡᠩᠨᠡᠭᠡ ᠨᠢ ᠭᠤᠶᠢᠳᠠ ᠰᠠᠶᠢᠬᠠᠨ ᠬᠥᠰᠢᠭᠡ ᠰᠡᠬᠦᠬᠦ ᠪᠠᠶᠢᠯᠳᠤᠭᠠᠨ ᠢ ᠠᠪᠴᠢᠷᠠᠵᠤ᠂ ᠳᠠᠭᠠᠷᠢᠬᠤ᠂ ᠬᠤᠷᠢᠭᠯᠠᠬᠤ᠂ ᠬᠥᠮᠥᠨ ᠥᠩᠭᠡᠷᠡᠬᠦ᠂ ᠡᠭᠦᠳᠡ ᠰᠤᠮᠤᠳᠠᠬᠤ ᠁ ᠪᠥᠮᠪᠥᠭᠡᠴᠢᠨ ᠨᠠᠷ ᠤᠨ ᠳᠠᠳᠮᠠᠭᠠᠢ ᠬᠥᠯ ᠤᠨ ᠡᠷᠳᠡᠮ ᠨᠢ ᠶᠡᠷᠦ ᠪᠤᠰᠤ ᠶᠢᠨ ᠬᠢᠷᠢ ᠲᠦᠪᠰᠢᠨ ᠢ ᠢᠯᠡᠷᠡᠭᠦᠯᠵᠦ᠂ ᠰᠡᠳᠬᠢᠯ ᠰᠠᠨᠠᠭ᠎ᠠ ᠪᠠᠨ ᠣᠯᠣᠯᠴᠠᠭᠰᠠᠨ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠨᠢ ᠲᠤᠬᠠᠢ ᠶᠢᠨ ᠲᠠᠯᠠᠪᠤᠷ ᠤᠨ ᠦᠵᠡᠭᠴᠢᠳ ᠲᠤ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠵᠤ ᠥᠭᠴᠡᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ  ᠠᠴᠠ ᠭᠤᠣᠯᠯᠠᠨ ᠡᠷᠭᠢᠯᠡᠵᠦ᠂ ᠬᠤᠰᠢᠭᠤᠨ  ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ  ᠠᠴᠠ ᠳᠡᠮᠵᠢᠵᠦ᠂ 7 ᠬᠥᠮᠥᠨ ᠤ ᠡᠭᠡᠯᠵᠢᠯᠡᠬᠦ ᠳᠦᠷᠢᠮ ᠢ ᠬᠡᠷᠡᠭᠵᠢᠭᠦᠯᠵᠦ᠂ ᠤᠷᠤᠯᠳᠤᠭᠠᠨ ᠤ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ᠃        
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号