ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠭᠠᠯ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/13
   11 ᠰᠠᠷ᠎ᠠ ᠶᠢᠨ 9 ᠤ ᠡᠳᠦᠷ ᠪᠣᠯ ᠪᠦᠭᠦ ᠤᠯᠤᠰ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠡᠳᠦᠷ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢᠨ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ 2023 ᠣᠨ ᠤ ᠪᠥᠬᠦ ᠬᠤᠰᠢᠭᠤᠨ ᠤ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠭᠠᠯ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ ᠣᠶ ᠰᠢᠭᠤᠢ ᠶᠢᠨ ᠲᠠᠯᠠᠪᠠᠶ ᠶᠢᠨ ᠭᠠᠯ ᠤᠨᠲᠠᠷᠠᠭᠠᠬᠤ ᠠᠩᠭᠢ ᠶᠢᠨ ᠳᠠᠷᠤᠭ᠎ᠠ ᠵᠢᠴᠢ ᠬᠤᠲᠠ ᠪᠠᠯᠭᠠᠰᠤᠨ ᠤ ᠭᠠᠯ ᠤᠨᠲᠠᠷᠠᠭᠠᠬᠤ  ᠠᠵᠢᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠵᠠᠢ᠃    ᠪᠣᠯᠪᠠᠰᠤᠷᠠᠭᠤᠯᠤᠯ ᠳᠤ ᠬᠢᠴᠢᠶᠡᠯ ᠤᠨ ᠬᠡᠷᠡᠭᠰᠡᠯ ᠢ ᠲᠠᠶᠢᠯᠪᠤᠷᠢᠯᠠᠬᠤ᠂ ᠸᠢᠳᠢᠤ᠋ ᠦᠵᠡᠬᠦ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠶᠢ ᠠᠪᠴᠤ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠲᠤ ᠭᠠᠯ ᠤᠨᠲᠠᠷᠠᠭᠠᠭᠤᠯ ᠢ ᠬᠡᠷᠡᠭᠯᠡᠬᠦ ᠠᠷᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠮᠡᠷᠭᠡᠵᠢᠯ᠂ ᠭᠠᠯ ᠤᠨ ᠲᠠᠯᠠᠪᠠᠶ ᠶᠢᠨ ᠠᠶᠤᠯ ᠠᠴᠠ ᠪᠠᠴᠢᠮ ᠵᠠᠶᠢᠯᠠᠬᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠬᠡᠷᠡᠭᠯᠡᠬᠦ ᠪᠣᠳᠠᠲᠤ ᠲᠠᠮᠢᠷ ᠵᠡᠷᠭᠡ ᠦᠨᠳᠦᠰᠦᠨ ᠶᠡᠷᠦ ᠶᠢᠨ ᠮᠡᠳᠡᠯᠭᠡ ᠵᠢᠴᠢ ᠵᠢᠷᠦᠬᠡ ᠠᠭᠤᠰᠬᠢᠨ ᠤ ᠰᠡᠷᠭᠦᠭᠡᠯᠲᠡ᠂ ᠾᠧᠮᠯᠢᠺ ᠤᠨ ᠲᠦᠷᠭᠡᠨ ᠠᠪᠤᠷᠠᠯᠳᠠ ᠶᠢᠨ ᠠᠵᠢᠯᠯᠠᠭᠠᠨ ᠤ ᠠᠷᠭ᠎ᠠ ᠶᠢ ᠨᠠᠷᠢᠨ ᠲᠠᠶᠢᠯᠪᠤᠷᠢᠯᠠᠵᠤ ᠥᠭᠴᠡᠢ᠃ ᠰᠢᠭᠤᠳ ᠦᠵᠡᠭᠦᠯᠦᠯᠭᠡ ᠶᠢᠨ ᠳᠦᠷᠢ ᠲᠥᠷᠬᠦ ᠲᠠᠢ᠂ ᠬᠢᠯᠪᠠᠷ ᠣᠶᠢᠯᠠᠭᠠᠮᠵᠢᠲᠠᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠲᠠᠢ ᠪᠠᠶᠢᠳᠠᠭ᠃    ᠲᠣᠰ ᠤᠳᠠᠭᠠᠨ ᠤ ᠪᠣᠯᠪᠠᠰᠤᠷᠠᠯ ᠨᠢ ᠣᠶ ᠰᠢᠭᠤᠢ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠭᠠᠯ ᠤᠨᠲᠠᠷᠠᠭᠠᠬᠤ ᠬᠠᠮᠢᠶ᠎ᠠ ᠪᠦᠬᠦᠢ ᠨᠢᠭᠡᠴᠡ ᠶᠢᠨ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠦᠵᠡᠯ ᠰᠠᠨᠠᠭ᠎ᠠ ᠲᠠᠨᠢᠯᠲᠠ᠂ ᠲᠤᠰᠬᠠᠢ ᠮᠡᠷᠭᠡᠵᠢᠯ ᠤᠨ ᠮᠡᠳᠡᠯᠭᠡ ᠪᠠ ᠠᠮᠤᠷ ᠲᠦᠪᠰᠢᠨ ᠢᠶᠠᠷ ᠭᠠᠯ ᠤᠨᠲᠠᠷᠠᠭᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ ᠪᠥᠬᠦ ᠬᠤᠰᠢᠭᠤᠨ ᠤ ᠦᠨᠳᠦᠰᠦᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠭᠠᠯ ᠤᠨᠲᠠᠷᠠᠭᠠᠬᠤ ᠠᠵᠢᠯ ᠤᠨ ᠥᠨᠳᠥᠷ ᠪᠦᠲᠦᠮᠵᠢᠲᠡᠶ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号