ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/13
   ᠨᠡᠶᠢᠭᠡᠮ ᠤᠨ ᠰᠢᠨ᠎ᠡ  ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠢ ᠦᠨᠡᠨ ᠬᠦ ᠴᠢᠩᠭᠠᠳᠬᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠡᠶᠢᠭᠡᠮ ᠤᠨ ᠦᠢᠯᠡᠰ ᠤᠨ ᠬᠥᠭᠵᠢᠯᠲᠡ ᠳᠠᠬᠢ ᠴᠢᠬᠤᠯᠠ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃       ᠬᠤᠷᠠᠯ ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠤᠨ ᠳᠦᠷᠢᠮ ︵ᠲᠥᠰᠥᠯ︶︾ ᠪᠣᠯᠣᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠭᠡᠮ ᠤᠨ  ᠰᠢᠨ᠎ᠡ  ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠠᠷᠭ᠎ᠠ︵ᠲᠥᠰᠥᠯ︶︾ ᠶᠢ ᠬᠢᠨᠠᠨ ᠵᠥᠪᠯᠡᠵᠦ ᠪᠠᠲᠤᠯᠠᠪᠠ᠃ ᠰᠢᠨ᠎ᠡ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠶᠢ ᠰᠣᠩᠭᠤᠨ ᠭᠠᠷᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ ᠶᠢ ᠰᠣᠩᠭᠤᠨ ᠭᠠᠷᠭᠠᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠢᠳᠡᠪᠬᠢᠲᠡᠢ ᠬᠥᠲᠥᠯᠥᠨ ᠵᠢᠯᠤᠭᠤᠳᠴᠤ᠂ ᠬᠦᠴᠦᠨ ᠢᠶᠠᠨ ᠨᠢᠭᠲᠠᠷᠠᠭᠤᠯᠵᠤ᠂ ᠬᠠᠷᠠᠯᠲᠠ ᠱᠠᠭᠠᠷᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠳᠠᠪᠬᠤᠷᠭ᠎ᠠ ᠶᠢᠨ ᠬᠥᠮᠥᠰ ᠤᠨ ᠬᠠᠷᠢᠯᠴᠠᠭ᠎ᠠ ᠥᠷᠭᠡᠨ᠂ ᠤᠶᠤᠨ ᠤᠬᠠᠭᠠᠨ ᠲᠥᠪᠯᠡᠷᠡᠭᠰᠡᠨ᠂ ᠴᠢᠳᠠᠪᠤᠷᠢᠲᠠᠨ ᠴᠤᠭᠯᠠᠷᠠᠭᠰᠠᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠪᠦᠯᠬᠦᠮᠳᠡᠯ ᠢᠶᠠᠨ ᠴᠢᠩᠭᠠᠳᠬᠠᠨ᠂ ᠬᠠᠯᠠᠭᠤᠨ ᠢᠶᠠᠷ ᠬᠠᠪᠰᠤᠷᠴᠤ᠂ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠣᠨᠴᠠᠯᠢᠭ ᠢᠶᠠᠨ ᠡᠵᠡᠮᠳᠡᠵᠦ᠂ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠵᠦ᠂ ᠰᠢᠨ᠎ᠡ ᠬᠤᠯᠪᠣᠭᠠᠲᠤ ᠬᠤᠷᠠᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠣᠷᠣᠯᠴᠠᠵᠤ᠂ ᠪᠦᠲᠦᠭᠡᠯᠴᠢ ᠴᠢᠨᠠᠷ ᠢᠶᠠᠨ ᠪᠠᠳᠠᠷᠠᠭᠤᠯᠤᠨ᠂ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠬᠡᠷᠡᠭᠲᠡᠢ ᠭᠡᠵᠡᠢ᠃    ᠰᠢᠨ᠎ᠡ ᠪᠠᠷ ᠰᠣᠩᠭᠤᠭᠳᠠᠭᠰᠠᠨ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠢᠶᠠᠷ ᠵᠦᠭᠯᠡᠭᠦᠷ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠡᠯ᠎ᠡ ᠡᠲᠡᠭᠡᠳ ᠤᠨ ᠬᠥᠮᠥᠰ ᠲᠠᠢ ᠭᠠᠷ ᠬᠤᠯᠪᠣᠨ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠰᠢᠨ᠎ᠡ ᠬᠦᠴᠦᠨ ᠢ ᠨᠢᠭᠲᠠᠷᠠᠭᠤᠯᠤᠨ᠎ᠠ ᠭᠡᠵᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号