ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠶ ᠶᠢᠨ ᠰᠣᠯᠢᠯᠴᠠᠭ᠎ᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/14
   ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠤᠷ ᠤᠨ ᠰᠣᠯᠢᠯᠴᠠᠭ᠎ᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ  ᠠᠵᠢᠯ ᠤᠨ ᠵᠥᠪᠯᠡᠯ ᠤᠨ ᠡᠷᠬᠢᠯᠡᠭᠴᠢ ᠯᠢ ᠹᠠᠩ ᠬᠤᠷᠠᠯ ᠳᠤ ᠣᠷᠣᠯᠴᠠᠵᠠᠢ᠃    ᠬᠤᠷᠠᠯ ᠨᠢ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠵᠦ ᠰᠣᠯᠢᠯᠴᠠᠬᠤ ᠪᠠ ᠠᠵᠢᠯ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠡᠯᠪᠡᠷᠢ ᠪᠠᠷ ᠶᠠᠪᠤᠭᠳᠠᠪᠠ᠃ ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠰᠢᠭᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠠᠰᠠᠭ ᠨᠡᠶᠢᠭᠡᠮ ᠲᠣᠭᠤᠷᠢᠭ ᠪᠣᠯᠣᠨ ᠬᠤᠷᠴᠢᠨ ᠪᠠᠯᠭᠠᠰᠤᠨ ᠤ ᠵᠠᠰᠠᠭ ᠤᠨ ᠣᠷᠳᠣᠨ ᠳᠤ ᠬᠦᠷᠴᠦ᠂ ︽ᠲᠠᠪᠤᠨ‌‍ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠣᠯᠢᠯᠴᠠᠵᠤ᠂ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠣᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠰᠣᠯᠢᠯᠴᠠᠪᠠ᠃    ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠯᠢ ᠹᠠᠩ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢᠨ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠠᠬᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠵᠡᠷᠭᠡ ᠭᠤᠷᠪᠠᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃    ᠯᠢ ᠹᠠᠩ ᠬᠡᠯᠡᠬᠦ ᠳᠡᠭᠡᠨ᠂ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠡᠭᠦᠷᠭᠡ ᠢᠷᠠᠭᠤ ᠠᠯᠳᠠᠷᠲᠠᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠮᠲᠤ ᠪᠠᠷ ᠴᠢᠷᠮᠠᠶᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠣᠷᠣᠨ ᠠᠶᠢᠮᠠᠭ ᠤᠨ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ  ᠵᠦᠪᠯᠡᠯ ᠢ ᠡᠭᠦᠳᠦᠨ ᠪᠠᠶᠢᠭᠤᠯᠬᠤ ᠠᠵᠢᠯ ᠢ ᠬᠢᠨᠠᠨ ᠰᠢᠯᠭᠠᠵᠤ ᠰᠢᠯᠭᠠᠨ ᠠᠪᠬᠤ ᠶᠢ ᠤᠭᠲᠤᠬᠤ ᠳᠤ ᠪᠡᠯᠡᠳᠬᠡᠯ ᠠᠵᠢᠯ ᠢ ᠰᠠᠶᠢᠲᠤᠷ ᠬᠢᠵᠦ᠂ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠷᠠᠯ ᠠᠴᠠ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠷᠢᠮᠵᠢᠶ᠎ᠠ ᠶᠢ ᠡᠭᠦᠳᠦᠨ ᠪᠠᠶᠢᠭᠤᠯᠬᠤ ᠪᠠ ᠡᠯ᠎ᠡ ᠵᠦᠢᠯ ᠤᠨ ᠠᠵᠢᠯ ᠤᠨ ᠳᠠᠩᠰᠠ ᠡᠪᠬᠡᠮᠡᠯ ᠢ ᠵᠢᠷᠤᠮᠵᠢᠭᠤᠯᠤᠨ ᠪᠠᠶᠢᠭᠤᠯᠬᠤ ᠲᠤᠬᠠᠢ ᠲᠠᠶᠢᠯᠤᠮᠵᠢ ᠬᠢᠬᠦ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠳᠤ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ  ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号