ᠰᠠᠯᠬᠢ ᠬᠡᠷᠡᠯ ᠤᠨ ᠡᠨᠧᠷᠬᠢ ᠶ᠋ᠢ ᠬᠠᠮᠲᠤ ᠠᠰᠢᠬᠯᠡᠨ ᠬᠢᠯᠢ ᠶ᠋ᠢᠨ ᠮᠠᠯᠴᠢᠳ ᠲᠤ ᠠᠰᠢᠭ ᠬᠦᠷᠳᠡᠭᠡᠪᠡ
ᠨᠡᠶᠢᠲᠡᠯᠡᠭᠰᠡᠨ ᠴᠠᠭ᠄
2023/11/17
   11 ᠰᠠᠷ᠎ᠠ ᠶᠢᠨ ᠳᠤᠮᠳᠠᠴᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠭᠠᠷ ᠤᠨ ᠳᠤᠯᠠᠭᠠᠨ ᠭᠡᠨᠡᠳᠲᠡ ᠳᠤᠷᠤᠭᠰᠢᠯᠠᠨ᠂ ᠭᠤᠣᠯ ᠭᠣᠷᠤᠬ᠎ᠠ  ᠡᠬᠢᠯᠡᠨ ᠬᠥᠯᠳᠡᠵᠦ ᠠᠭᠤᠯᠠ ᠲᠠᠯ᠎ᠠ ᠨᠡᠢᠳᠡᠮ ᠴᠠᠢᠷᠠᠪᠠ᠃ ᠭᠡᠪᠡᠴᠦ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠬᠢᠯᠢ ᠶᠢᠨ ᠮᠠᠯᠴᠢᠨ ᠴᠢᠩᠪᠠᠲᠤ ᠶᠢᠨ ᠬᠢᠨ ᠳ᠋ᠦ᠍ ᠬᠦᠷᠬᠦ ᠳ᠋ᠦ᠍ ᠥᠷᠦᠭᠡ ᠲᠦᠭᠦᠷᠡᠩ ᠤᠷᠢᠨ ᠲᠤᠯᠠᠭᠠᠬᠠᠨ ᠠᠭᠤᠷ ᠪᠢᠯᠬᠠᠵᠤ ᠶᠠᠭᠤᠮ᠎ᠠ ᠪᠦᠬᠦᠨ ᠨᠢ ᠴᠡᠪᠡᠷ ᠳᠤᠬᠢᠯᠢᠭ ᠬᠠᠷᠠᠭᠳᠠᠨ᠎ᠠ᠃   ︽ ᠮᠠᠨ ᠤ  ᠬᠢᠨ ᠥᠩᠭᠡᠷᠡᠭᠰᠡᠨ ᠳᠤ ᠵᠥᠪᠬᠡᠨ ᠰᠠᠯᠬᠢᠨ ᠬᠦᠴᠦᠨ ᠦ᠌ ᠴᠠᠬᠢᠯᠭᠠᠨ ᠬᠡᠷᠡᠭᠯᠡᠳᠡᠭ ᠡᠴᠡ ᠴᠠᠬᠢᠯᠭᠠᠨ ᠠᠷᠪᠢᠯᠠᠬᠤ ᠶ᠋ᠢᠨ ᠲᠥᠯᠦᠭᠡ ᠣᠷᠣᠢ ᠳᠤ ᠪᠠᠨ ᠴᠠᠬᠢᠯᠭᠠᠨ ᠬᠥᠷᠥᠭᠡᠭᠦᠷ ᠤᠨ ᠴᠠᠬᠢᠯᠭᠠᠨ  ᠢ ᠰᠠᠯᠭᠠᠵᠤ᠂ ᠴᠠᠬᠢᠯᠭᠠᠨ ᠳ᠋ᠧᠩ ᠢ᠋ᠶ᠋ᠠᠨ ᠴᠦ ᠤᠳᠠᠲᠠᠯ᠎ᠠ ᠠᠰᠠᠭᠠᠳᠠᠭ ᠦᠭᠡᠢ ᠃ ᠤᠳᠤ ᠰᠠᠯᠬᠢ ᠬᠡᠷᠡᠯ ᠤᠨ ᠬᠠᠷᠢᠯᠴᠠᠨ ᠨᠥᠬᠦᠪᠦᠷᠢᠯᠡᠬᠦ ᠰᠢᠰᠲ᠋ᠧᠮ ᠢ᠋ ᠬᠡᠷᠡᠭᠯᠡᠭᠰᠡᠨ ᠠᠴᠠ ᠴᠠᠬᠢᠯᠭᠠᠨ ᠬᠡᠷᠡᠭᠯᠡᠬᠦ ᠳ᠋ᠦ᠍ ᠴᠢᠯᠦᠭᠡᠲᠠᠢ ᠪᠤᠯᠵᠠᠢ ︾ ᠭᠡᠵᠤ ᠴᠢᠩᠪᠠᠲᠤ ᠡᠭᠦᠳᠡᠨ ᠡᠮᠦᠨᠡᠬᠢ ᠰᠠᠯᠬᠢ ᠭᠡᠷᠡᠯ ᠤᠨ ᠬᠠᠷᠢᠯᠴᠠᠨ ᠨᠥᠬᠦᠪᠦᠷᠢᠯᠡᠬᠦ ᠴᠠᠬᠢᠯᠭᠠᠨ ᠭᠠᠷᠭᠠᠬᠤ ᠲᠥᠬᠦᠭᠡᠷᠦᠮᠵᠢ ᠪᠠᠨ ᠵᠢᠭᠠᠨ ᠤᠷᠮᠠᠳᠠᠶᠢᠬᠠᠨ ᠶᠠᠷᠢᠨ᠎ᠠ ᠃   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ 6 ᠭᠠᠴᠠᠭ᠎ᠠ ᠶᠢᠨ 350 ᠭᠠᠷᠤᠢ ᠮᠠᠯᠴᠢᠨ ᠡᠷᠦᠬᠡ ᠬᠢᠯᠢ ᠶ᠋ᠢᠨ ᠱᠤᠭᠤᠮ ᠢ᠋ ᠲᠠᠭᠠᠨ ᠰᠠᠭᠤᠷᠢᠰᠢᠵᠤ ᠂ ᠴᠠᠬᠢᠯᠭᠠᠨ ᠭᠠᠷᠭᠠᠬᠤ ᠲᠣᠨᠤᠭ ᠲᠦᠬᠦᠭᠡᠷᠤᠮᠵᠢ ᠨᠢ ᠬᠣᠴᠤᠷᠤᠩᠭᠤᠢ ᠡᠴᠡ ᠮᠠᠯᠴᠢᠨ ᠤ᠋ᠨ ᠦᠢᠯᠡᠳᠪᠤᠷᠢᠯᠡᠯ ᠠᠮᠢᠳᠤᠷᠠᠯ ᠤ᠋ᠨ ᠨᠥᠬᠦᠴᠡᠯ ᠠᠨᠠᠢᠬᠠᠨ ᠪᠠᠢᠵᠡᠢ ᠃ ᠡᠨᠡ ᠬᠦ᠌ ᠪᠠᠢᠳᠡᠯ ᠳ᠋ᠦ᠍ ᠴᠢᠭᠯᠡᠭᠦᠯᠦᠨ ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠪᠦᠲᠦᠭᠡᠨ ᠪᠠᠢᠭᠤᠯᠤᠯᠲᠠ ᠶ᠋ᠢᠨ ᠲᠥᠷᠥᠯ ᠵᠦᠢᠯ ᠢ᠋ ᠬᠡᠷᠡᠭᠵᠢᠭᠦᠯᠵᠦ ᠨᠡᠢᠲᠡ 400 ᠲᠦᠮᠡᠨ ᠲᠥᠭᠦᠷᠢᠭ ᠵᠠᠷᠤᠴᠠᠭᠤᠯᠤᠨ ᠬᠢᠯᠢ ᠶᠢᠨ ᠱᠤᠭᠤᠮ ᠡᠴᠡ ᠲᠤᠳᠤᠬᠰᠢᠬᠢ 50 ᠺᠢᠯᠣᠮᠧᠲᠷ ᠤᠨ ᠬᠡᠪᠴᠢᠶᠡᠨ ᠳ᠋ᠡᠬᠢ 133 ᠮᠠᠯᠴᠢᠨ ᠡᠷᠦᠬᠡ ᠳᠤ ᠰᠠᠯᠬᠢ ᠭᠡᠷᠡᠯ ᠤᠨ ᠬᠠᠷᠢᠯᠴᠠᠨ ᠨᠥᠬᠦᠪᠦᠷᠢᠯᠡᠬᠦ ᠴᠠᠬᠢᠯᠭᠠᠨ ᠭᠠᠷᠭᠠᠬᠤ ᠰᠢᠰᠲ᠋ᠧᠮ ᠢ ᠪᠠᠢᠭᠤᠯᠤᠨ ᠥᠭᠴᠡᠢ᠃  ᠡᠨᠡ ᠬᠦ᠌ ᠰᠢᠰᠲ᠋ᠧᠮ  ᠨᠢ ᠬᠢᠯᠢ ᠶ᠋ᠢᠨ ᠮᠠᠯᠴᠢᠳ ᠤ᠋ᠨ ᠡᠳᠦᠷ ᠲᠤᠳᠤᠮ ᠤᠨ ᠬᠡᠷᠡᠭᠯᠡᠭᠡᠨ ᠤ ᠴᠠᠬᠢᠯᠭᠠᠨ ᠤ ᠬᠡᠷᠡᠭᠴᠡᠭᠡ ᠶᠢ ᠬᠠᠩᠭᠠᠵᠤ ᠂ ᠤᠯᠡᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠬᠢᠯᠢ ᠨᠤᠲᠤᠭ ᠤᠨ ᠠᠮᠤᠷ ᠲᠦᠪᠰᠢᠨ ᠢ᠋ ᠪᠠᠲᠤᠯᠠᠬᠤ ᠳ᠋ᠦ᠍ ᠠᠰᠢᠬᠳᠡᠢ ᠨᠥᠬᠦᠴᠡᠯ ᠢ᠋ ᠪᠦᠷᠢᠯᠳᠤᠭᠦᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号