ᠦᠵᠡᠯ ᠰᠠᠨᠠᠭ᠎ᠠ ᠶᠢ ᠰᠤᠷᠤᠯᠴᠠᠵᠤ᠂ ᠬᠥᠭᠵᠢᠯᠲᠡ ᠶᠢ ᠶᠠᠷᠢᠵᠤ᠂ ᠰᠢᠨ᠎ᠡ ᠳᠦᠷᠰᠦ ᠪᠠᠶᠢᠳᠠᠯ ᠢ  ᠢᠯᠡᠷᠡᠭᠦᠯᠦᠨ᠎ᠡ ︵ᠨᠢᠭᠡ︶
ᠨᠡᠶᠢᠲᠡᠯᠡᠭᠰᠡᠨ ᠴᠠᠭ᠄
2023/11/2
   ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 2023 ᠣᠨ ᠤ 11 ᠰᠠᠷ᠎ᠠ ᠶᠢᠨ 1 ᠤ ᠡᠳᠦᠷ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ  ᠠᠴᠠ ᠵᠣᠬᠢᠶᠠᠨ ᠪᠠᠶᠢᠭᠤᠯᠵᠤ ᠰᠢᠩᠭᠡᠬᠡᠨ ᠦᠢᠯᠡᠳᠦᠭᠰᠡᠨ ︽ᠦᠵᠡᠯ ᠰᠠᠨᠠᠭ᠎ᠠ  ᠶᠢ ᠰᠤᠷᠤᠯᠴᠠᠵᠤ᠂ ᠬᠥᠭᠵᠢᠯᠲᠡ  ᠶᠢ ᠶᠠᠷᠢᠯᠴᠠᠵᠤ᠂ ᠰᠢᠨ᠎ᠡ ᠳᠦᠷᠰᠦ ᠪᠠᠶᠢᠳᠠᠯ   ᠢ ᠢᠯᠡᠷᠡᠭᠦᠯᠬᠦ︾ ᠰᠢᠷᠢᠰ ᠸᠢᠳᠢᠤ᠋  ᠶᠢ ︽ᠲᠠᠩᠰᠤᠭ ᠰᠠᠶᠢᠬᠠᠨ ᠡᠮᠦᠨᠡᠲᠦ ᠬᠤᠰᠢᠭᠤ︾  ᠶᠢᠨ APP ᠳᠤ ᠵᠠᠯᠭᠠᠭ᠎ᠠ ᠪᠠᠷ ᠨᠡᠶᠢᠲᠡᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ  ᠢ ᠵᠢᠯᠣᠭᠤᠳᠤᠨ ᠰᠤᠷᠤᠯᠴᠠᠯᠭ᠎ᠠ ᠪᠠᠷ ᠰᠦᠭ ᠰᠦᠨᠡᠰᠦ  ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ  ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ  ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠭ᠎ᠠ  ᠶᠢ ᠠᠬᠢᠭᠤᠯᠵᠤ᠂ ᠰᠤᠷᠤᠯᠴᠠᠯᠭ᠎ᠠ  ᠶᠢᠨ ᠦᠷ᠎ᠡ ᠪᠦᠲᠦᠭᠡᠯ  ᠢ ᠡᠷᠡᠰ ᠪᠠᠲᠤ ᠬᠦᠰᠡᠯᠡᠩ᠂ ᠨᠠᠮᠴᠢ ᠴᠢᠨᠠᠷ  ᠢ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ  ᠶᠢ ᠵᠢᠯᠤᠭᠤᠳᠬᠤ ᠪᠠ ᠠᠵᠢᠯ  ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ  ᠶᠢᠨ ᠲᠥᠯᠥᠭᠡ ᠶᠤᠮ᠃       ᠲᠣᠰ ᠬᠤᠭᠤᠴᠠᠭᠠᠨ ᠳᠤ ᠮᠠᠨ ᠤ ᠰᠤᠷᠪᠤᠯᠵᠢᠯᠠᠭᠳᠠᠬᠤ ᠡᠲᠡᠭᠡᠳ ᠪᠣᠯ ᠬᠤᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸ ᠪᠢᠩ ᠪᠣᠯᠣᠨ᠎ᠠ᠄    ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠷᠴᠢᠨ ᠪᠠᠯᠭᠠᠰᠤ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠬᠠᠮᠤᠭ  ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠲᠤᠯᠭᠠᠮ᠎ᠠ ᠠᠰᠠᠭᠤᠳᠠᠯ  ᠠᠴᠠ ᠭᠠᠷᠳᠠᠬᠤ ᠶᠢ ᠪᠠᠷᠢᠮᠲᠠᠯᠠᠨ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠳᠣᠣᠷᠠᠬᠢ ᠳᠥᠷᠪᠡᠨ ᠵᠦᠢᠯ ᠤᠨ ᠠᠵᠢᠯ ᠢ ᠭᠤᠣᠯᠳᠠᠯᠭ᠎ᠠ ᠲᠠᠢ ᠴᠢᠩᠭᠠᠳᠬᠠᠪᠠ᠃    ᠨᠢᠭᠡ ᠳᠤ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠢ᠂ ᠠᠵᠤ ᠦᠢᠯᠡᠰ ᠤᠨ ᠬᠥᠭᠵᠢᠯᠲᠡ ᠳᠤ ᠬᠠᠷᠰᠢ ᠰᠠᠭᠠᠳ ᠤᠴᠠᠷᠠᠭᠤᠯᠵᠤ ᠪᠠᠶᠢᠭ᠎ᠠ ᠬᠦᠴᠢᠷᠳᠡᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠨ᠎ᠠ᠃ ᠪᠦᠬᠦ ᠵᠢᠯ ᠳᠤ ᠨᠡᠶᠢᠳᠡ 5 ᠵᠤᠷᠪᠤᠰ ᠠᠷᠠᠳ ᠤᠨ ᠠᠮᠢᠳᠤᠷᠠᠯ ᠤᠨ ᠵᠠᠮ᠂ 4 ᠰᠠᠭᠤᠷᠢ ᠳᠤᠯᠠᠭᠠᠨ ᠬᠥᠭᠦᠷᠭᠡ ᠶᠢ ᠵᠠᠰᠠᠵᠤ᠂ ᠬᠤᠶᠢᠲᠤ ᠲᠣᠭᠤᠷᠢᠯ ᠵᠠᠮ ᠤᠨ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠪᠣᠭᠤᠮᠢ ᠶᠢ ᠡᠪᠳᠡᠵᠦ᠂ ᠶᠤᠸᠠᠨ ᠳ᠋ᠠ ᠲᠣᠰᠬᠤᠨ ᠤ ᠭᠤᠣᠯ ᠵᠡᠭᠡᠯᠢ ᠶᠢᠨ ᠡᠪᠳᠡᠷᠡᠵᠦ ᠰᠦᠢᠳᠦᠭᠰᠡᠨ ᠵᠠᠮ ᠢ ᠪᠦᠬᠦ ᠲᠠᠯ᠎ᠠ ᠪᠠᠷ ᠰᠡᠯᠪᠢᠨ ᠵᠠᠰᠠᠵᠤ᠂ ᠲᠠᠪᠠᠭᠠᠨ ᠭᠤᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠠᠳᠠᠭᠰᠢ ᠭᠠᠷᠬᠤ᠂ ᠲᠣᠰᠬᠤᠨ ᠤ ᠠᠷᠠᠳ ᠤᠨ ᠭᠠᠳᠠᠭᠰᠢ ᠭᠠᠷᠴᠤ ᠡᠪᠡᠳᠴᠢᠨ ᠢᠶᠠᠨ ᠦᠵᠡᠭᠦᠯᠬᠦ ᠶᠢ ᠬᠠᠮᠠᠭᠠᠯᠠᠵᠤ ᠥᠭᠴᠡᠢ᠂ ᠣᠨᠴᠠᠭᠠᠶᠢᠯᠠᠨ G511 ᠲᠤᠰᠠᠯᠠᠬᠤ ᠵᠠᠮ ᠤᠨ ᠪᠦᠲᠦᠭᠡᠨ ᠪᠠᠶᠢᠭᠤᠯᠤᠯᠲᠠ ᠳᠤ ᠪᠦᠬᠦ ᠪᠠᠯᠭᠠᠰᠤᠨ ᠤ ᠵᠠᠮ ᠬᠠᠷᠢᠯᠴᠠᠭᠠᠨ ᠤ ᠲᠦᠭᠵᠢᠷᠡᠯ ᠢ ᠨᠠᠪᠲᠠᠷᠡᠭᠦᠯᠵᠦ᠂ ᠶᠤᠸᠠᠨ ᠭᠤᠸᠠᠩ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠡᠢ᠃ 4 ᠬᠥᠭᠦᠷᠭᠡ ᠶᠢ ᠵᠠᠰᠠᠭᠰᠠᠨ  ᠨᠢ ᠦᠶᠡᠷ ᠢ ᠵᠠᠯᠠᠵᠤ ᠤᠰᠤᠲᠤᠯ ᠢ ᠪᠠᠭᠠᠰᠬᠠᠬᠤ ᠠᠰᠠᠭᠤᠳᠠᠯ ᠢ ᠰᠢᠢᠳᠪᠦᠷᠢᠯᠡᠵᠦ᠂ ᠬᠥᠭᠦᠷᠭᠡ ᠪᠣᠯᠣᠨ ᠵᠠᠮ ᠢ ᠦᠨᠡᠨᠬᠦ ᠠᠷᠠᠳ ᠤᠯᠠᠨ ᠤ ᠰᠡᠳᠬᠢᠯ ᠳᠤ ᠬᠦᠷᠭᠡᠵᠦ᠂ ᠤᠯᠠᠨ ᠲᠦᠮᠡᠨ ᠤ ᠦᠨᠡᠨ ᠰᠡᠳᠬᠢᠯ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃    ᠬᠤᠶᠠᠷ ᠲᠤ᠂ ᠪᠦᠬᠦ ᠪᠠᠯᠭᠠᠰᠤ ᠪᠠᠷ ᠢᠶᠠᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ︽1333︾ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠠᠭᠪᠤᠷ ᠢ ᠡᠭᠦᠳᠴᠦ᠂ ᠱᠦᠵᠢ᠂ ᠪᠠᠯᠭᠠᠰᠤᠨ ᠤ ᠳᠠᠷᠤᠭ᠎ᠠ ᠶᠢᠨ ᠨᠠᠮ ᠵᠠᠰᠠᠭ ᠤᠨ ᠤᠳᠤᠷᠢᠳᠬᠤ ᠪᠠᠭ᠂ ᠭᠠᠴᠠᠭᠠᠨ ᠤ ᠤᠳᠤᠷᠢᠳᠬᠤ ᠪᠠᠭ ᠤᠨ ᠪᠦᠬᠦ ᠠᠵᠢᠯᠲᠠᠳ ᠬᠡᠷᠡᠭ ᠢ ᠳᠠᠭᠠᠭᠠᠴᠢᠯᠠᠬᠤ ᠶᠢ ᠬᠡᠷᠡᠭᠵᠢᠭᠦᠯᠵᠦ᠂ ᠬᠥᠮᠥᠨ ᠪᠦᠬᠦᠨ ᠴᠥᠮ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠪᠣᠯᠵᠤ᠂ ᠤᠯᠠᠨ ᠲᠦᠮᠡᠨ ᠢ ᠨᠢᠭᠡ ᠯᠡ ᠡᠭᠦᠳᠡᠨ ᠳᠤ ᠣᠷᠣᠭᠤᠯᠵᠤ᠂ ᠨᠢᠭᠡ ᠬᠥᠮᠥᠨ ᠢ ᠲᠠᠨᠢᠭᠤᠯᠵᠤ ᠂ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠪᠠᠷ ᠳᠠᠮᠵᠢᠭᠤᠯᠤᠨ ᠭᠠᠵᠠᠷ ᠰᠢᠷᠣᠢ ᠪᠠᠨ ᠠᠯᠳᠠᠭᠰᠠᠨ ᠲᠠᠷᠢᠶᠠᠴᠢᠳ ᠲᠤ ᠨᠥᠬᠦᠪᠦᠷᠢ ᠥᠭᠬᠦ᠂ ᠲᠠᠪᠠᠭᠠᠨ ᠭᠤᠣ ᠭᠠᠴᠠᠭᠠᠨ ᠳᠤ ᠬᠤᠳᠳᠤᠭ ᠮᠠᠯᠲᠠᠬᠤ᠂ ᠭᠠᠵᠠᠷ ᠰᠢᠷᠣᠢ ᠶᠢᠨ ᠵᠢᠭᠤᠷᠠᠯᠳᠤᠭᠠᠨ ᠵᠡᠷᠭᠡ ᠡᠯ᠎ᠡ ᠵᠦᠢᠯ ᠤᠨ ᠵᠥᠷᠢᠴᠡᠯ ᠢ ᠰᠢᠢᠳᠪᠦᠷᠢᠯᠡᠵᠦ᠂ ︽ᠪᠠᠭ᠎ᠠ ᠶᠠᠪᠤᠳᠠᠯ ᠳᠤ ᠭᠠᠴᠠᠭ᠎ᠠ ᠠᠴᠠ ᠭᠠᠷᠬᠤ ᠦᠭᠡᠢ᠂ ᠶᠡᠭᠡ ᠶᠠᠪᠤᠳᠠᠯ ᠳᠤ ᠪᠠᠯᠭᠠᠰᠤᠨ ᠠᠴᠠ ᠭᠠᠷᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠵᠡᠢ    ᠭᠤᠷᠪᠠ ᠳᠤ᠂ ᠠᠶᠢᠮᠠᠭ᠂ ᠬᠤᠰᠢᠭᠤ᠂ ᠪᠠᠯᠭᠠᠰᠤ ᠭᠤᠷᠪᠠᠨ ᠱᠠᠲᠤᠨ ᠤ ︽ᠰᠢᠶᠣᠣ ᠵᠢᠩ ᠲᠥᠯᠥᠪᠯᠡᠭᠡ︾ ᠶᠢᠨ ᠳᠠᠭᠠᠭᠤᠯᠤᠭᠴᠢ ᠴᠢᠳᠠᠪᠤᠷᠢᠲᠠᠨ ᠢ ᠬᠡᠯᠬᠢᠶ᠎ᠡ ᠪᠣᠯᠭᠠᠵᠤ᠂ ᠬᠤᠯᠪᠣᠯᠳᠤᠭᠤᠯᠤᠨ ᠲᠣᠥᠷᠵᠢᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠤ ᠠᠵᠤ ᠦᠢᠯᠡᠰ ᠤᠨ ᠬᠤᠯᠪᠣᠭ᠎ᠠ ᠶᠢ  ᠪᠠᠶᠢᠭᠤᠯᠪᠠ᠃ ᠲᠡᠳᠡᠨ ᠢ ᠬᠠᠪᠰᠤᠷᠤᠨ ᠪᠡᠯᠡ ᠮᠥᠩᠭᠦ ᠶᠢᠨ ᠪᠣᠭᠤᠮᠢ ᠶᠢᠨ ᠠᠰᠠᠭᠤᠳᠠᠯ ᠪᠠ ᠠᠵᠤ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠡᠯᠧᠺᠲᠷᠣᠨ ᠬᠤᠳᠠᠯᠳᠤᠭᠠᠨ ᠤ ᠭᠤᠷᠪᠠᠳᠤᠭᠠᠷ ᠠᠵᠤ ᠦᠢᠯᠡᠰ ᠤᠨ ᠵᠠᠬ᠎ᠠ ᠳᠡᠯᠭᠡᠭᠦᠷ ᠢ ᠥᠷᠭᠡᠳᠬᠡᠬᠦ ᠪᠠᠷ ᠳᠡᠮᠵᠢᠨ᠂ ᠬᠤᠶᠠᠳᠤᠭᠠᠷ ᠠᠵᠤ ᠦᠢᠯᠡᠰ ᠤᠨ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠢᠭᠡᠳᠦᠭᠡᠷ ᠠᠵᠤ ᠦᠢᠯᠡᠰ ᠤᠨ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶ᠎ᠡ ᠶᠢ ᠳᠠᠰᠤᠷᠠᠯᠳᠠ ᠦᠭᠡᠢ ᠥᠷᠭᠡᠳᠬᠡᠵᠦ᠂ ᠭᠤᠷᠪᠠᠳᠤᠭᠠᠷ ᠠᠵᠤ ᠦᠢᠯᠡᠰ ᠢᠶᠠᠷ ᠬᠤᠶᠠᠳᠤᠭᠠᠷ ᠠᠵᠤ ᠦᠢᠯᠡᠰ ᠢ ᠳᠠᠶᠢᠴᠢᠯᠠᠨ ᠨᠢᠭᠡᠳᠦᠭᠡᠷ ᠠᠵᠤ ᠦᠢᠯᠡᠰ ᠢ ᠠᠬᠢᠭᠤᠯᠵᠤ᠂ ︽ᠡᠮᠦᠨ᠎ᠡ ᠨᠢ ᠳᠡᠯᠭᠡᠭᠦᠷ ᠬᠤᠶᠢᠨ᠎ᠠ ᠨᠢ ᠦᠢᠯᠡᠳᠪᠦᠷᠢ︾ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠵᠦ᠂ ᠪᠦᠬᠦ ᠪᠠᠯᠭᠠᠰᠤᠨ ᠤ ᠨᠤᠲᠤᠭ ᠤᠨ ᠴᠢᠳᠠᠪᠤᠷᠢᠲᠠᠨ ᠨᠢᠭᠲᠠᠷᠠᠨ ᠪᠦᠯᠬᠦᠮᠳᠡᠵᠦ᠂ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠳᠠᠶᠢᠴᠢᠯᠠᠵᠤ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠦ᠂ ︽ᠬᠦᠴᠦ ᠪᠠᠨ ᠬᠠᠮᠲᠤᠳᠬᠠᠨ ᠵᠠᠬ᠎ᠠ ᠳᠡᠯᠭᠡᠭᠦᠷ ᠢ ᠰᠢᠪᠲᠤᠯᠵᠤ᠂ ᠬᠦᠴᠦ ᠪᠠᠨ ᠬᠠᠮᠲᠤᠳᠬᠠᠨ ᠬᠠᠮᠲᠤᠪᠠᠷ ᠠᠰᠢᠭ ᠬᠦᠷᠲᠡᠵᠦ ᠬᠥᠭᠵᠢᠨ ᠮᠠᠨᠳᠤᠬᠤ ᠶᠢ ᠠᠬᠢᠭᠤᠯᠬᠤ︾ ᠡᠷᠴᠢᠮᠲᠡᠢ ᠪᠠᠶᠢᠳᠠᠯ ᠢ ᠪᠦᠷᠢᠯᠳᠦᠭᠦᠯᠵᠡᠢ᠃    ᠳᠥᠷᠪᠡ ᠳᠤ᠂ ᠬᠤᠰᠢᠭᠤᠨ ᠤ ᠨᠠᠮ ᠤᠨ ᠬᠤᠷᠢᠶᠠᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠢᠷᠭᠡᠳ ᠢ ᠪᠤᠵᠠᠷ᠂ ᠡᠷᠦᠢ ᠬᠤᠷᠤᠢ ᠦᠭᠡᠢ᠂ ᠦᠷ᠎ᠡ ᠠᠰᠢᠭ ᠢᠶᠠᠷ ᠳᠣᠣᠷ᠎ᠠ ᠰᠤᠯᠠ ᠰᠢᠲᠠᠭᠠᠬᠤ ᠨᠡᠭᠦᠷᠡᠰᠦᠨ ᠤ ᠠᠮᠢᠳᠤᠷᠠᠯ ᠠᠴᠠ ᠦᠨᠡᠨᠬᠦ ᠠᠩᠭᠢᠵᠢᠷᠠᠭᠤᠯᠵᠤ᠂ ᠣᠳᠣᠬᠠᠨ ᠳᠤ 676 ᠡᠷᠦᠬᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠠᠳ ᠢᠷᠭᠡᠳ ᠤᠨ ᠵᠣᠯ ᠵᠢᠷᠭᠠᠯ ᠤᠨ ᠰᠡᠳᠬᠢᠭᠳᠡᠯ᠂ ᠠᠮᠤᠷ ᠲᠦᠪᠰᠢᠨ ᠤ ᠰᠡᠳᠬᠢᠭᠳᠡᠯ᠂ ᠬᠦᠷᠲᠡᠮᠵᠢ ᠶᠢᠨ ᠰᠡᠳᠬᠢᠭᠳᠡᠯ ᠢ ᠲᠠᠰᠤᠷᠠᠯᠲᠠ ᠦᠭᠡᠢ  ᠲᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠷᠴᠢᠨ ᠪᠠᠯᠭᠠᠰᠤ ᠠᠷᠠᠳ ᠲᠦᠮᠡᠨ ᠳᠤ ᠦᠢᠯᠡᠴᠢᠯᠡᠬᠦ ᠳᠤᠮᠳᠠ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠦᠨᠡᠨᠬᠦ ᠬᠦᠷᠲᠡᠭᠡᠨ᠎ᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号