ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ︽ᠤᠯᠤᠰ ᠤᠨ ᠠᠮᠤᠷ ᠲᠦᠪᠰᠢᠨ︾ ᠤ ᠠᠯᠲᠠᠨ ᠦᠰᠦᠭᠲᠦ ᠫᠠᠶᠢᠰᠠ ᠶᠢᠨ ᠴᠢᠨᠠᠷ ᠴᠢᠨᠰᠠᠭ᠎ᠠ ᠶᠢ ᠰᠠᠶᠢᠨ ᠪᠣᠯᠭᠠᠨ᠎ᠠ
ᠨᠡᠶᠢᠲᠡᠯᠡᠭᠰᠡᠨ ᠴᠠᠭ᠄
2023/11/20
   ︽ᠪᠡᠭᠡᠵᠢᠩ ᠬᠤᠲᠠ ᠶᠢᠨ ᠶᠠᠨᠴᠢᠩ ᠲᠣᠭᠤᠷᠢᠭ᠂ ᠲᠢᠶᠠᠨᠵᠢᠨ ᠬᠤᠲᠠ ᠶᠢᠨ ᠵᠢᠢ ᠵᠧᠦ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠁︾ 10 ᠰᠠᠷ᠎ᠠ ᠶᠢᠨ 29 ᠤ ᠡᠳᠦᠷ᠂ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ︵ᠬᠤᠲᠠ︶ ᠤ ᠨᠡᠷᠡᠰ ᠢ ᠵᠢᠩᠬᠢᠨᠢ ᠪᠠᠷ ᠨᠡᠶᠢᠲᠡᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠨᠴᠠ ᠢᠷᠠᠭᠤ ᠠᠯᠳᠠᠷ ᠢ ᠭᠥᠷᠳᠡᠪᠡ᠃     ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠤ ᠴᠣᠯᠠ  ᠨᠢ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠬᠦᠷᠢᠶᠡᠨ ᠳᠠᠬᠢ ︽ᠤᠯᠤᠰ ᠤᠨ ᠨᠠᠷᠠᠲᠤ ᠲᠡᠮᠳᠡᠭᠲᠦ︾ ᠶᠢᠨ ᠢᠷᠠᠭᠤ ᠠᠯᠳᠠᠷ ᠢ ᠲᠥᠯᠥᠭᠡᠯᠡᠵᠦ ᠪᠣᠶ᠂ ᠲᠡᠭᠡᠪᠡᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠡᠨᠡ ᠬᠦ ᠠᠯᠲᠠᠨ ᠦᠰᠦᠭᠲᠦ ᠫᠠᠶᠢᠰᠠ ᠶᠢ ᠬᠡᠷᠬᠢᠨ ᠣᠯᠣᠭᠰᠠᠨ ᠪᠣᠶ︖    2021 ᠣᠨ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ ᠡᠭᠦᠳᠦᠨ ᠪᠠᠶᠢᠭᠤᠯᠬᠤ ᠨᠢᠭᠡᠴᠡ ᠪᠠᠷ ᠲᠣᠭᠲᠠᠭᠠᠵᠠᠢ᠂ ᠡᠭᠦᠨ ᠠᠴᠠ ᠡᠬᠢᠯᠡᠨ᠂ ︽  ᠣᠯᠣᠰ ᠤᠨ ᠠᠮᠤᠷ ᠲᠦᠪᠰᠢᠨ︾ ᠢ ᠡᠭᠦᠳᠦᠨ ᠪᠠᠶᠢᠭᠤᠯᠬᠤ ᠨᠢ ᠪᠥᠬᠦ ᠬᠤᠰᠢᠭᠤᠨ ᠤ ᠠᠷᠠᠳ ᠲᠦᠮᠡᠨ ᠤ ᠲᠡᠷᠢᠭᠦᠨ ᠴᠢᠬᠤᠯᠠ ᠶᠠᠪᠤᠳᠠᠯ ᠪᠣᠯᠵᠠᠢ᠃    ︽ᠪᠢᠳᠡ ᠡᠩ ᠲᠡᠷᠢᠭᠦᠨ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠢᠴᠢ 15 ᠰᠤᠮᠤ ᠰᠢᠶᠠᠩ ᠪᠠᠯᠭᠠᠰᠤ ︵ᠲᠥᠪ︶ ᠵᠡᠷᠭᠡ 26 ᠪᠦᠷᠢᠯᠳᠦᠭᠦᠨ ᠨᠢᠭᠡᠴᠡ ᠪᠠᠷ ᠪᠦᠷᠢᠯᠳᠦᠭᠰᠡᠨ ᠡᠭᠦᠳᠦᠨ ᠪᠠᠶᠢᠭᠤᠯᠬᠤ ᠳᠤᠭᠤᠶᠢᠯᠠᠩ ᠢ ᠪᠠᠶᠢᠭᠤᠯᠪᠠ᠂ ᠡᠨᠡ ᠬᠦ ᠳᠤᠭᠤᠶᠢᠯᠠᠩ ᠪᠣᠯ ᠳᠠᠷᠤᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠭᠤᠯᠳᠤ ᠴᠢᠭᠯᠡᠯ ᠢᠶᠠᠷ ᠦᠵᠦᠭᠦᠷ ᠬᠦᠷᠬᠦ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠬᠦ ︿ᠬᠠᠷᠢᠭᠤᠴᠠᠯᠭᠠᠲᠠᠨ﹀ ᠪᠠᠶᠢᠵᠤ ᠂ ᠪᠥᠬᠦ ᠬᠤᠰᠢᠭᠤᠨ ᠤ ᠭᠦᠸᠧ ᠠᠨ ᠰᠢᠶᠠᠨ ᠢ ᠡᠭᠦᠳᠦᠨ ᠪᠠᠶᠢᠭᠤᠯᠬᠤ ᠪᠣᠳᠠᠲᠠᠢ ᠠᠵᠢᠯ ᠢ ᠲᠦᠷᠦᠭᠦᠯᠡᠨ ᠠᠬᠢᠭᠤᠯᠤᠨ᠎ᠠ︾  ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠠᠩ ᠯᠢ ᠳ᠋ᠦᠩ ᠬᠡᠯᠡᠪᠡ᠃ ᠡᠭᠦᠨ ᠠᠴᠠ ᠡᠬᠢᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 925 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠥᠬᠦ ᠬᠤᠰᠢᠭᠤᠨ ᠤ 363 ᠳᠠᠷᠢᠵᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠬᠤᠷᠰᠢᠶ᠎ᠠ︶᠂ 59 ᠭᠡᠷᠡᠴᠢᠯᠡᠯ ᠤᠨ ᠠᠵᠤ ᠠᠬᠤᠶᠢᠯᠠᠯ᠂ 15 ᠠᠯᠠᠰᠢᠨ ᠤ ᠦᠢᠯᠡᠳᠪᠦᠷᠢ᠂ 1 ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠬᠠᠳᠠᠭᠠᠯᠠᠵᠤ ᠵᠥᠭᠡᠭᠡᠪᠦᠷᠢᠯᠡᠬᠦ ᠠᠵᠤ ᠠᠬᠤᠶᠢᠯᠠᠯ ᠢ ᠴᠥᠮ ᠬᠢᠨᠠᠨ ᠬᠠᠮᠢᠶᠠᠷᠬᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠭᠤᠷᠪᠠᠨ ᠵᠢᠯ ᠤᠨ ᠳᠣᠲᠣᠷ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ 18039 ᠭᠠᠷᠭᠠᠵᠤ᠂ ᠦᠨᠡᠮᠯᠡᠯ ᠢ ᠳᠠᠭᠠᠯᠳᠤᠭᠤᠯᠤᠨ ᠵᠠᠬ᠎ᠠ ᠳᠡᠯᠭᠡᠭᠦᠷ ᠲᠤ ᠭᠠᠷᠭᠠᠭᠰᠠᠨ ᠪᠦᠲᠦᠭᠡᠭᠳᠡᠬᠦᠨ 2219 ᠲᠣᠨ ᠳᠤ ᠬᠦᠷᠴᠡᠢ᠃         2021 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ ᠡᠭᠦᠳᠦᠨ ᠪᠠᠶᠢᠭᠤᠯᠬᠤ ᠬᠤᠰᠢᠭᠤ ᠰᠢᠶᠠᠨ ᠢᠶᠠᠷ ᠲᠣᠭᠲᠠᠭᠠᠭᠳᠠᠭᠰᠠᠨ ᠤ ᠳᠠᠷᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠪᠥᠬᠦ ᠬᠤᠰᠢᠭᠤᠨ ᠤ ᠳᠠᠷᠢᠵᠤ ᠲᠡᠵᠢᠭᠡᠬᠦ ᠲᠣᠮᠣ ᠡᠷᠦᠬᠡ ᠵᠢᠴᠢ ᠬᠤᠷᠰᠢᠶ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠣᠶᠢᠯᠠᠭᠠᠭᠳᠠᠬᠤᠨ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ︽ᠶᠠᠰᠤ ᠴᠢᠨᠠᠷ ᠤᠨ ᠠᠮᠤᠷ ᠲᠦᠪᠰᠢᠨ ᠢᠶᠠᠷ ᠦᠢᠯᠡᠳᠪᠦᠷᠢᠯᠡᠯ ᠤᠨ ᠦᠷ᠎ᠡ ᠠᠰᠢᠭ ᠢ ᠠᠬᠢᠭᠤᠯᠬᠤ︾ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠪᠥᠬᠦ ᠬᠤᠰᠢᠭᠤᠨ ᠤ 105 ᠬᠥᠲᠥᠴᠢ ᠠᠵᠤ ᠠᠬᠤᠶᠢᠯᠠᠯ᠂ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠵᠢᠴᠢ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠭᠡᠷᠡᠴᠢᠯᠡᠯ ᠤᠨ ᠠᠵᠤ ᠠᠬᠤᠶᠢᠯᠠᠯ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠬᠠᠮᠢᠶᠠᠷᠬᠤ ᠮᠡᠳᠡᠭᠡ ᠵᠠᠩᠭᠢ ᠶᠢᠨ ᠲᠠᠪᠴᠠᠩ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ 156 ᠲᠠᠷᠢᠶᠠᠯᠠᠩ ᠤᠨ ᠪᠦᠲᠦᠭᠡᠭᠳᠡᠬᠦᠨ ᠢ ︽ᠦᠨᠡᠮᠯᠡᠯ ᠲᠠᠢ ᠪᠠᠷ ᠰᠦᠯᠵᠢᠶᠡᠨ ᠳᠤ ᠭᠠᠷᠬᠤ᠂ ᠨᠣᠮᠧᠷ ᠲᠠᠢ ᠪᠠᠷ ᠰᠦᠯᠵᠢᠶᠡᠨ ᠳᠤ ᠭᠠᠷᠬᠤ᠂ ᠪᠠᠷᠢᠮᠵᠢᠶ᠎ᠠ ᠲᠠᠢ ᠪᠠᠷ ᠵᠠᠬ᠎ᠠ ᠳᠡᠯᠭᠡᠭᠦᠷ ᠲᠤ ᠭᠠᠷᠭᠠᠬᠤ︾ ᠪᠣᠯᠭᠠᠨ᠎ᠠ᠃        2 ᠵᠢᠯ ᠭᠠᠷᠤᠢ ᠶᠢᠨ ᠬᠤᠭᠤᠴᠠᠭᠠᠨ ᠳᠤ᠂ 800 ᠭᠠᠷᠤᠢ ᠡᠳᠦᠷ ᠤᠨ ᠳᠣᠲᠣᠷ᠎ᠠ ᠡᠭᠦᠰᠬᠡᠨ ᠪᠠᠶᠢᠭᠤᠯᠪᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ᠂ ᠨᠢᠭᠡ ᠰᠠᠭᠤᠷᠢ ᠬᠥᠬᠡ ᠨᠣᠭᠤᠭ᠎ᠠ ᠶᠢ ᠬᠤᠭᠤᠯᠠᠨ ᠰᠢᠷᠡᠭᠡᠨ ᠳᠤ ᠭᠠᠷᠭᠠᠶ᠎ᠠ ᠭᠡᠪᠡᠯ ᠪᠠᠰᠠ︽ᠲᠠᠪᠤᠨ ᠪᠣᠭᠤᠮᠲᠠ ᠶᠢ ᠳᠠᠪᠠᠵᠤ ᠵᠢᠷᠭᠤᠭᠠᠨ ᠵᠠᠩᠵᠤᠨ ᠢ ᠴᠠᠪᠴᠢᠬᠤ︾ ᠬᠡᠷᠡᠭᠲᠡᠢ᠃ ᠲᠠᠷᠢᠶᠠᠯᠠᠭ᠎ᠠ ᠶᠢ ᠦᠯᠦ ᠬᠥᠰᠡᠷᠳᠡᠭᠦᠯᠳᠡᠭ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠭᠠᠷᠤᠯᠲᠠ ᠶᠢᠨ ᠬᠡᠮᠵᠢᠶ᠎ᠡ ᠦᠢᠯᠡᠳᠪᠦᠷᠢᠯᠡᠯ ᠤᠨ ᠴᠢᠳᠠᠪᠤᠷᠢ᠂ ᠲᠤᠭ᠎ᠠ ᠬᠡᠮᠵᠢᠶ᠎ᠡ ᠶᠠᠰᠤ ᠴᠢᠨᠠᠷ᠂ ᠦᠢᠯᠡᠳᠪᠦᠷᠢᠯᠡᠯ ᠠᠮᠢ ᠠᠬᠤᠢ ᠶᠢ ᠵᠡᠷᠭᠡᠪᠡᠷ ᠬᠥᠭᠵᠢᠭᠦᠯᠬᠦ ᠰᠢᠵᠢᠷ ᠠᠯᠳᠠᠨ ᠭᠠᠵᠠᠷ ᠪᠣᠯᠵᠤ᠂ ᠠᠮᠤ ᠪᠤᠳᠠᠭᠠᠨ ᠤ ᠠᠮᠤᠷ ᠲᠦᠪᠰᠢᠨ ᠢ ᠨᠡᠩ ᠥᠨᠳᠥᠷ ᠲᠡᠰ ᠳᠠᠪᠬᠤᠷᠭ᠎ᠠ ᠲᠡᠰᠢ ᠳᠠᠪᠰᠢᠭᠤᠯᠬᠤ ᠶᠢ ᠠᠬᠢᠭᠤᠯᠬᠤ ᠨᠤᠲᠤᠭ ᠳᠡᠪᠢᠰᠬᠡᠷ ᠪᠣᠯᠬᠤ ᠨᠢ ᠯᠠᠪᠲᠠᠢ ᠶᠤᠮ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号