ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠵᠢᠭᠦᠷ︾ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠬᠢᠩᠭᠠᠨ ᠠᠶᠢᠮᠠᠭ ᠤᠨ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/11/23
   11 ᠰᠠᠷ᠎ᠠ ᠶᠢᠨ 21 ᠤ ᠡᠳᠦᠷ᠂ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠵᠢᠭᠦᠷ︾ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠬᠢᠩᠭᠠᠨ ᠠᠶᠢᠮᠠᠭ ᠤᠨ ᠰᠢᠯᠭᠠᠷᠠᠭᠤᠯᠬᠤ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ︽ᠵᠠᠯᠠᠭᠤ ᠨᠠᠰᠤᠨ ᠤ ᠰᠢᠨ᠎ᠡ ᠶᠢ ᠡᠭᠦᠳᠬᠦ︾ ᠬᠤᠨᠳᠠᠭᠠᠲᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠨ ᠤ ᠤᠷᠤᠯᠳᠤᠭᠠᠨ ᠰᠢᠩ ᠺᠧ ᠨᠡᠶᠢᠭᠡᠮ ᠲᠣᠭᠤᠷᠢᠭ ᠲᠤ ᠡᠬᠢᠯᠡᠵᠦ᠂ ᠪᠥᠬᠦ ᠬᠤᠰᠢᠭᠤᠨ ᠤ 24 ᠠᠵᠤ ᠠᠬᠤᠶᠢᠯᠠᠯ ᠤᠷᠤᠯᠳᠤᠭᠠᠨ ᠳᠤ ᠣᠷᠣᠯᠴᠠᠪᠠ᠃    ᠲᠣᠰ ᠤᠳᠠᠭᠠᠨ ᠤ ᠤᠷᠤᠯᠳᠤᠭᠠᠨ ᠤ ᠲᠥᠷᠥᠯ ᠵᠦᠢᠯ ᠳᠤ ᠵᠣᠬᠢᠶᠠᠮᠠᠯ ᠣᠶᠤᠨ ᠴᠢᠳᠠᠪᠤᠷᠢ᠂ ᠮᠧᠬᠠᠨᠢᠭ ᠦᠢᠯᠡᠳᠬᠦ ᠂ ᠠᠮᠢᠳᠤ ᠪᠣᠳᠠᠰ ᠤᠨ ᠮᠡᠷᠭᠡᠵᠢᠯ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ᠂ ᠡᠯᠧᠺᠲᠷᠣᠨ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠭᠤᠣᠯ ᠴᠣᠭᠴᠠ ᠶᠢᠨ ᠤᠷᠤᠯᠳᠤᠭᠠᠨ ᠤ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠲᠤᠰᠬᠠᠢ ᠲᠥᠷᠥᠯ ᠤᠨ ᠤᠷᠤᠯᠳᠤᠭᠠᠨ ᠤ ᠵᠠᠯᠠᠭᠤᠴᠤᠳ ᠤᠨ ᠪᠦᠲᠦᠭᠡᠯᠴᠢ ᠰᠡᠳᠬᠢᠮᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠳᠥᠷᠪᠡᠨ ᠲᠥᠷᠥᠯ ᠵᠦᠢᠯ ᠬᠤᠪᠢᠶᠠᠨ᠎ᠠ᠃    ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠠᠮᠢᠷᠴᠢᠳ PPT ᠬᠡᠯᠪᠡᠷᠢ ᠪᠠᠷ ᠤᠷᠤᠯᠳᠤᠭᠠᠨ ᠳᠤ ᠣᠷᠣᠯᠴᠠᠬᠤ ᠲᠦᠷᠦᠯ ᠵᠦᠢᠯ ᠤᠨ ᠰᠢᠨ᠎ᠡ ᠶᠢ ᠡᠭᠦᠳᠬᠦ ᠴᠢᠨᠠᠷ᠂ ᠪᠣᠯᠣᠮᠵᠢᠲᠤ ᠴᠢᠨᠠᠷ ᠪᠣᠯᠣᠨ ᠬᠤᠳᠠᠯᠳᠤᠭᠠᠨ ᠤ ᠦᠨ᠎ᠡ ᠦᠷᠳᠡᠭ ᠢ ᠳᠡᠯᠭᠡᠨ ᠦᠵᠡᠭᠦᠯᠵᠦ᠂ ᠵᠠᠮ ᠤᠨ ᠲᠣᠭᠯᠠᠯᠲᠠ 6 ᠮᠢᠨᠦ᠋ᠲ᠂ ᠬᠠᠷᠢᠭᠤ ᠮᠠᠷᠭᠤᠯᠲᠠ 6 ᠮᠢᠨᠦ᠋ᠲ᠂ ᠲᠤᠰᠬᠠᠢ ᠮᠡᠷᠭᠡᠵᠢᠯᠲᠡᠨ ᠠᠴᠠ 5 ᠮᠢᠨᠦ᠋ᠲ ᠤᠨ ︽6+6+5︾  ᠶᠢᠨ ᠵᠠᠭᠪᠤᠷ ᠢ ᠦᠨᠡᠯᠡᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠣᠨ ᠦᠵᠡᠭᠴᠢᠳ ᠲᠤ ᠤᠷᠤᠯᠳᠤᠭᠠᠨ ᠳᠤ ᠣᠷᠣᠯᠴᠠᠬᠤ ᠲᠦᠷᠦᠯ ᠵᠦᠢᠯ ᠤᠨ ᠬᠥᠭᠵᠢᠯᠲᠡ ᠶᠢᠨ ᠣᠨᠴᠠᠯᠢᠭ᠂ ᠡᠵᠡᠩᠨᠡᠯᠲᠡ ᠶᠢᠨ ᠵᠠᠭᠪᠤᠷ᠂ ᠢᠷᠡᠭᠡᠳᠦᠢ ᠶᠢᠨ ᠲᠥᠯᠦᠪᠵᠢᠭᠦᠯᠭᠡ ᠪᠣᠯᠣᠨ ᠨᠡᠶᠢᠭᠡᠮ ᠤᠨ ᠦᠷ᠎ᠡ ᠠᠰᠢᠭ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃    ᠰᠢᠯᠭᠠᠷᠠᠭᠤᠯᠬᠤ ᠺᠣᠮᠢᠰ ᠤᠨ ᠪᠠᠭᠰᠢ ᠨᠠᠷ ᠡᠯ᠎ᠡ ᠵᠦᠢᠯ ᠤᠨ ᠭᠤᠣᠯ ᠪᠣᠯᠬᠤ ᠥᠷᠢᠰᠦᠯᠳᠦᠬᠦ ᠬᠦᠴᠦᠨ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠠᠰᠢᠭ ᠣᠯᠵᠠᠪᠤᠷᠢ ᠶᠢᠨ ᠵᠠᠭᠪᠤᠷ᠂ ᠲᠦᠷᠦᠯ ᠵᠦᠢᠯ ᠤᠨ ᠰᠢᠨ᠎ᠡ ᠶᠢ ᠡᠭᠦᠳᠬᠦ ᠴᠡᠭ ᠵᠡᠷᠭᠡ ᠲᠠᠯ᠎ᠠ ᠳᠤ ᠴᠢᠭᠯᠡᠭᠦᠯᠦᠨ ᠠᠰᠠᠭᠤᠯᠲᠠ ᠳᠤᠷᠠᠳᠤᠭᠰᠠᠨ ᠪᠥᠭᠡᠳ ᠵᠢᠯᠤᠭᠤᠳᠬᠤ ᠰᠠᠨᠠᠯ ᠥᠭᠴᠡᠢ᠃    ᠤᠷᠤᠯᠳᠤᠭᠠᠨ ᠢ ᠲᠤᠬᠠᠢ ᠶᠢᠨ ᠲᠠᠯᠠᠪᠠᠶ ᠳᠤ ᠬᠤᠪᠢ ᠥᠭᠬᠦ᠂ ᠲᠤᠬᠠᠢ ᠶᠢᠨ ᠲᠠᠯᠠᠪᠠᠶ ᠳᠤ ᠨᠡᠶᠢᠲᠡᠯᠡᠬᠦ ᠬᠡᠯᠪᠡᠷᠢ ᠪᠠᠷ ᠶᠠᠪᠤᠭᠳᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠤᠨ ᠠᠯᠪᠠᠨ ᠭᠡᠷᠡᠴᠢᠯᠡᠭᠡ ᠶᠢᠨ ᠠᠵᠢᠯᠲᠠᠨ ᠪᠥᠬᠦ ᠶᠠᠪᠤᠴᠠ ᠳᠤ ᠬᠢᠨᠠᠯᠲᠠ ᠲᠠᠯᠪᠢᠨ᠎ᠠ᠃ ᠬᠤᠷᠴᠠ ᠰᠢᠷᠦᠭᠦᠨ ᠤᠷᠤᠯᠳᠤᠭᠠᠨ ᠢᠶᠠᠷ ᠳᠡᠮᠵᠢᠨ᠂ ᠭᠤᠣᠯ ᠴᠣᠭᠴᠠᠲᠤ ᠤᠷᠤᠯᠳᠤᠭᠠᠨ ᠳᠤ ᠲᠣᠰ ᠲᠣᠰ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ᠪᠣᠶ ᠪᠣᠯᠵᠤ᠂ ᠲᠤᠰᠬᠠᠢ ᠲᠥᠷᠥᠯ ᠤᠨ ᠤᠷᠤᠯᠳᠤᠭᠠᠨ ᠳᠤ ᠲᠣᠰ ᠲᠣᠰ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠣᠰ ᠲᠣᠰ 1 ᠪᠣᠶ ᠪᠣᠯᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号