11 ᠰᠠᠷ᠎ᠠ ᠶᠢᠨ 23 ᠤ ᠡᠳᠦᠷ᠂ ᠺᠣᠷᠢᠶᠠ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠤᠨ ᠰᠠᠶᠢᠨ | ᠳᠤᠷ᠎ᠠ ᠶᠢᠨ ᠴᠡᠷᠢᠭ ᠤᠨ ᠠᠷᠪᠠᠳᠤᠭᠠᠷ ᠪᠦᠯᠦᠭ ᠤᠨ ᠦᠷᠡᠭᠳᠡᠭᠰᠡᠨ ᠪᠠᠭᠠᠲᠤᠷᠴᠤᠳ ᠤᠨ ᠴᠢᠨᠳᠠᠷ ᠡᠬᠡ ᠤᠯᠤᠰ ᠲᠠᠭᠠᠨ | ᠪᠤᠴᠠᠵᠤ ᠢᠷᠡᠪᠡ᠂ ᠲᠤᠬᠠᠢ ᠶᠢᠨ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠥᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ︽ | ᠪᠠᠭᠠᠲᠤᠷᠴᠤᠳ ᠭᠡᠷ ᠲᠡᠭᠡᠨ ᠬᠠᠷᠢᠨ᠎ᠠ ︱ ᠺᠣᠷᠢᠶᠠ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠤᠨ ᠰᠠᠶᠢᠨ | ᠳᠤᠷ᠎ᠠ ᠶᠢᠨ ᠴᠡᠷᠢᠭ ᠤᠨ ᠠᠷᠪᠠᠳᠤᠭᠠᠷ ᠪᠦᠯᠦᠭ ᠤᠨ ᠦᠷᠡᠭᠳᠡᠭᠰᠡᠨ ᠪᠠᠭᠠᠲᠤᠷᠴᠤᠳ ᠤᠨ ᠴᠢᠨᠳᠠᠷ ᠡᠬᠡ ᠤᠯᠤᠰ ᠲᠠᠭᠠᠨ | ᠪᠤᠴᠠᠨ᠎ᠠ︾ ᠭᠡᠬᠦ ᠰᠢᠭᠤᠳ ᠨᠡᠪᠲᠡᠷᠡᠭᠦᠯᠭᠡ ᠶᠢ ᠲᠣᠭᠤᠷᠢᠨ ᠦᠵᠡᠵᠦ᠂ ᠰᠢᠳᠤᠷᠭᠤ ᠰᠦᠨᠡᠰᠦ ᠶᠢ ᠰᠠᠬᠢᠨ ᠪᠠᠷᠠᠯᠠᠵᠤ᠂ | ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠬᠤᠷᠠᠯ ᠤᠨ ᠲᠠᠰᠤᠭ ᠲᠤ ᠲᠥᠪ ᠬᠢᠴᠢᠶᠡᠩᠭᠦᠢ ᠪᠠᠶᠢᠵᠤ᠂ ᠤᠯᠠᠨ ᠢᠶᠠᠷ ᠢᠶᠠᠨ ᠺᠣᠷᠢᠶᠠ ᠳᠤ ᠪᠠᠶᠢᠭ᠎ᠠ | ᠠᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠦᠷᠡᠭᠳᠡᠭᠰᠡᠨ | ᠪᠠᠭᠠᠲᠤᠷᠴᠤᠳ ᠤᠨ ᠴᠢᠨᠳᠠᠷ ᠤᠯᠤᠰ ᠲᠠᠭᠠᠨ ᠪᠤᠴᠠᠵᠤ ᠢᠷᠡᠭᠰᠡᠨ ᠰᠢᠭᠤᠳ ᠨᠡᠪᠲᠡᠷᠡᠭᠦᠯᠭᠡ ᠶᠢ ᠰᠡᠳᠬᠢᠯ | ᠰᠠᠨᠠᠭ᠎ᠠ ᠪᠠᠨ ᠲᠥᠪᠯᠡᠷᠡᠭᠦᠯᠦᠨ ᠦᠵᠡᠪᠡ᠃ 70 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ | ᠰᠠᠶᠢᠨ ᠳᠤᠷ᠎ᠠ ᠶᠢᠨ ᠴᠡᠷᠢᠭ ᠶᠠᠯᠦ ᠮᠥᠷᠡᠨ ᠢ ᠭᠡᠲᠦᠯᠵᠦ᠂ ᠬᠠᠷᠢ ᠤᠯᠤᠰ ᠬᠠᠷᠢ ᠨᠤᠲᠤᠭ ᠲᠤ 33 ᠰᠠᠷ᠎ᠠ ᠴᠢᠰᠤᠨ | ᠪᠠᠶᠢᠯᠳᠤᠭᠠᠨ ᠬᠢᠵᠦ᠂ 197653 ᠦᠷᠡᠭᠳᠡᠭᠰᠡᠨ ᠪᠠᠭᠠᠲᠤᠷ ᠤᠯᠤᠰ ᠤᠨ ᠢᠶᠠᠨ ᠲᠥᠯᠥᠭᠡ ᠠᠮᠢ ᠪᠡᠶ᠎ᠡ ᠪᠠᠨ | ᠦᠷᠡᠭᠳᠡᠭᠦᠯᠵᠡᠢ᠃ ᠨᠠᠰᠤ ᠨᠥᠭᠴᠢᠬᠦ ᠳᠡᠭᠡᠨ ᠪᠠᠭᠠᠴᠤᠳ ᠤᠨ ᠪᠡᠶ᠎ᠡ᠂ ᠮᠢᠬ᠎ᠠ ᠴᠢᠰᠤᠨ ᠤ ᠪᠡᠶ᠎ᠡ ᠪᠠᠶᠢᠪᠠ ᠃ | ᠤᠯᠤᠰ ᠲᠠᠭᠠᠨ ᠪᠤᠴᠠᠬᠤ ᠦᠶ᠎ᠡ ᠳᠤ ᠡᠬᠡ ᠤᠯᠤᠰ ᠤᠨ ᠢᠶᠠᠨ ᠲᠥᠯᠥᠭᠡ ᠵᠢᠳᠬᠦᠬᠦ ᠭᠤᠣᠯ ᠴᠣᠭᠴᠠ᠂ ᠪᠠᠭᠠᠲᠤᠷ ᠤᠨ | ᠰᠦᠭ ᠰᠦᠨᠡᠰᠦ ᠪᠣᠯᠤᠭᠰᠠᠨ ᠪᠠᠶᠢᠨ᠎ᠠ᠃ | ᠰᠢᠭᠤᠳ ᠨᠡᠪᠲᠡᠷᠡᠭᠦᠯᠭᠡ ᠶᠢ ᠰᠣᠨᠢᠷᠬᠠᠬᠤ ᠪᠠᠷ ᠲᠠᠮᠵᠢᠨ᠂ ᠪᠦᠬᠦ ᠺᠠᠳ᠋ᠷ ᠠᠵᠢᠯᠲᠠᠨ ᠠᠵᠢᠯᠴᠢᠨ ᠨᠢᠭᠡ | ᠤᠳᠠᠭ᠎ᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ᠂ ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠦᠵᠡᠯ ᠰᠠᠨᠠᠭᠠᠨ ᠤ ᠬᠥᠮᠦᠵᠢᠯ ᠢ ᠬᠦᠷᠲᠡᠵᠦ᠂ | ᠪᠠᠭᠠᠲᠤᠷᠴᠤᠳ ᠠᠴᠠ ᠰᠤᠷᠤᠯᠴᠠᠬᠤ᠂ ᠦᠷᠡᠭᠳᠡᠭᠰᠡᠨ ᠪᠠᠭᠠᠲᠤᠷᠴᠤᠳ ᠢ ᠳᠡᠭᠡᠳᠦᠯᠡᠬᠦ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ᠃ ᠤᠯᠠᠨ ᠢᠶᠠᠷ ᠢᠶᠠᠨ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ | ᠬᠤᠪᠢ ᠳᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠬᠠᠮᠲᠤ ᠴᠠᠭ ᠦᠶ᠎ᠡ ᠶᠢᠨ ᠨᠢᠷᠤᠭᠤ | ᠲᠤᠯᠭᠠᠭᠤᠷᠢ ᠶᠢ ᠲᠤᠯᠭᠠᠭᠤᠷᠢᠯᠠᠵᠤ᠂ ᠡᠬᠡ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠵᠡᠭᠡᠪᠡ᠃ | |