ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠬᠤᠶᠠᠷ ᠲᠥᠯᠥᠭᠡᠯᠡᠭᠴᠢ ᠨᠢᠭᠡ  ᠭᠡᠰᠢᠭᠦᠨ︾ ︽ᠭᠤᠷᠪᠠ ᠶᠢ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
   11 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠡᠷᠬᠢᠲᠦ ᠪᠠᠯᠭᠠᠰᠤᠨ ᠤ ᠯᠢᠦ ᠾᠧ ᠭᠠᠴᠠᠭ᠎ᠠ ᠳᠤ ᠭᠦᠨᠵᠡᠭᠡᠶᠢᠷᠡᠵᠦ᠂ ︽ᠬᠤᠶᠠᠷ ᠲᠥᠯᠥᠭᠡᠯᠡᠭᠴᠢ ᠨᠢᠭᠡ  ᠭᠡᠰᠢᠬᠦᠨ︾ ︽ᠭᠤᠷᠪᠠ ᠶᠢ ᠬᠦᠷᠭᠡᠬᠦ︾ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠭᠦᠸᠧ ᠵᠢᠶᠦ᠋ᠨ ᠠᠵᠢᠯᠯᠠᠭ᠎ᠠ ᠳᠤ ᠣᠷᠣᠯᠴᠠᠵᠠᠢ᠃    ᠡᠷᠬᠢᠲᠦ ᠪᠠᠯᠭᠠᠰᠤ ᠶᠢᠨ ᠯᠢᠦ ᠾᠧ ᠭᠠᠴᠠᠭ᠎ᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠯᠢᠦ ᠾᠧ ᠭᠠᠴᠠᠭ᠎ᠠ ᠶᠢᠨ ︽ᠬᠤᠶᠠᠷ ᠵᠥᠪᠯᠡᠯ︾ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ ᠠᠷᠠᠳ ᠤᠨ ᠲᠥᠯᠥᠭᠡ ᠪᠣᠳᠠᠲᠠᠢ ᠠᠵᠢᠯ ᠬᠢᠵᠦ ᠪᠠᠶᠢᠭ᠎ᠠ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠣᠳᠣᠬᠠᠨ ᠤ ᠯᠢᠦ ᠾᠧ ᠭᠠᠴᠠᠭ᠎ᠠ ᠶᠢᠨ ᠬᠥᠭᠵᠢᠯᠲᠡ ᠶᠢᠨ ᠳᠤᠮᠳᠠᠬᠢ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠣᠶᠢᠯᠠᠭᠠᠪᠠ᠃    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠮᠧᠩ ᠰᠢᠶᠠᠩ ᠸᠧᠨ ᠶᠠᠷᠢᠯᠴᠠᠬᠤ ᠬᠤᠷᠠᠯ ᠳᠡᠭᠡᠷ᠎ᠡ ᠬᠤᠶᠠᠳᠤᠭᠠᠷ ᠪᠦᠯᠦᠭ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠣᠯ ᠰᠡᠳᠦᠪ᠂ ᠬᠠᠷᠠᠯᠲᠠ ᠱᠠᠭᠠᠷᠳᠠᠯᠭ᠎ᠠ ᠵᠢᠴᠢ ᠭᠤᠣᠯ ᠰᠡᠳᠦᠪᠲᠦ ᠬᠥᠮᠦᠵᠢᠯ ᠢ ᠬᠡᠷᠬᠢᠨ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠲᠠᠶᠢᠯᠤᠮᠵᠢ ᠬᠢᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠠᠴᠠ ᠯᠢᠦ ᠾᠧ ᠭᠠᠴᠠᠭ᠎ᠠ ᠳᠤ ᠲᠣᠭᠯᠠᠯᠲᠠ ᠶᠢᠨ ᠬᠤᠪᠴᠠᠰᠤ ᠪᠡᠯᠡᠭᠯᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠲᠣᠰᠬᠤᠨ ᠤ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠬᠦ ᠶᠢᠨ ᠬᠠᠮᠲᠤ᠂ ᠡᠮ ᠡᠮᠨᠡᠯᠭᠡ᠂ ᠬᠠᠤᠯᠢ ᠴᠠᠭᠠᠵᠠ᠂ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠪᠡ᠃ ᠵᠠᠩ ᠭᠦᠸᠧ ᠵᠢᠶᠦ᠋ᠨ ᠪᠣᠯᠣᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠭᠡᠰᠢᠭᠦᠨ ᠤ ᠠᠵᠢᠯᠯᠠᠭᠠᠨ ᠤ ᠳᠤᠭᠤᠶᠢᠯᠠᠩ ᠤᠨ ᠭᠡᠰᠢᠭᠦᠳ ᠪᠠᠰᠠ ᠯᠢᠦ ᠾᠧ ᠭᠠᠴᠠᠭᠠᠨ ᠤ ᠠᠬᠠᠮᠠᠳ ᠨᠠᠮ ᠤᠨ ᠭᠡᠰᠢᠭᠦᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠢᠨᠠᠨ ᠰᠢᠯᠭᠠᠬᠤ ᠡᠷᠦᠬᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠠᠮᠢᠳᠤᠷᠠᠯ ᠤᠨ ᠡᠳ᠋ ᠪᠣᠳᠠᠰ ᠬᠦᠷᠭᠡᠵᠦ ᠥᠭᠴᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号