ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠭᠤᠣᠯ ᠰᠡᠳᠦᠪᠲᠦ ᠬᠥᠮᠦᠵᠢᠯ ᠥᠷᠨᠢᠭᠦᠯᠵᠦ ᠬᠥᠮᠥᠰ ᠤᠨ ᠰᠡᠳᠬᠢᠯ ᠢ ᠤᠮᠳᠠᠯᠠᠵᠤ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ ᠪᠣᠳᠠᠲᠠᠢ ᠠᠵᠢᠯᠯᠠᠬᠤ ᠶᠢ  ᠠᠬᠢᠭᠤᠯᠪᠠ
ᠨᠡᠶᠢᠲᠡᠯᠡᠭᠰᠡᠨ ᠴᠠᠭ᠄
2023/11/26
   ᠺᠠᠳ᠋ᠷ ᠤᠨ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 2023 ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤᠷᠠᠭᠰᠠᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠭᠤᠷᠢᠨ ᠰᠣᠨᠣᠰᠴᠤ ᠰᠤᠯᠠ ᠰᠣᠨᠣᠰᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ  ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂  ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂  ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠵᠡᠷᠭᠡ ᠠᠭᠤᠯᠭ᠎ᠠ ᠶᠢ ᠬᠠᠮᠲᠤᠪᠠᠷ ᠰᠤᠷᠤᠯᠴᠠᠪᠠ᠃ ᠡᠭᠦᠨ ᠤ ᠬᠠᠮᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠲᠤᠰᠬᠠᠢ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号