ᠰᠦᠨ ᠱᠤ᠋ ᠲᠤᠤ ᠪᠦᠯᠬᠦᠮ ᠳᠠᠭᠠᠭᠤᠯᠤᠨ ᠮᠧᠶ ᠵᠧᠦ ᠬᠤᠲᠠ ᠶᠢᠨ ᠦ᠋ ᠬᠤᠸᠠ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/11/27
   11 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠠᠶᠢᠮᠠᠭ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ  ᠱᠤ᠋ ᠲᠤᠸ ᠳᠤᠭᠤᠶᠢᠯᠠᠩ ᠳᠠᠭᠠᠭᠤᠯᠤᠨ ᠭᠤᠸᠠᠩᠳᠦ᠋ᠩ ᠮᠤᠵᠢ ᠶᠢᠨ ᠮᠧᠶ ᠵᠧᠦ ᠬᠤᠲᠠ ᠶᠢᠨ ᠦ᠋ ᠬᠤᠸᠠ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠶᠠᠷ ᠭᠠᠵᠠᠷ ᠤᠨ ᠨᠡᠪᠲᠡᠷᠡᠯᠴᠡᠭᠡ᠂ ᠵᠣᠯᠭᠠᠯᠴᠠᠭ᠎ᠠ᠂ ᠬᠠᠪᠰᠤᠷᠤᠯᠴᠠᠭ᠎ᠠ᠂ ᠬᠠᠮᠲᠤ ᠪᠠᠷ ᠠᠰᠢᠭ ᠭᠥᠷᠳᠡᠬᠦ ᠶᠢ ᠢᠳᠡᠪᠬᠢᠲᠡᠢ ᠠᠬᠢᠭᠤᠯᠪᠠ᠃ ᠭᠤᠸᠠᠩᠳᠦ᠋ᠩ ᠮᠤᠵᠢ  ᠶᠢᠨ ᠮᠧᠶ ᠵᠧᠦ ᠬᠤᠲᠠ  ᠶᠢᠨ ᠦ᠋ ᠬᠤᠸᠠ ᠰᠢᠶᠠᠨ ᠤ ᠨᠠᠮ ᠤᠨ ᠬᠤᠷᠢᠶᠠᠨ ᠤ ᠱᠦᠵᠢ  ᠵᠤ᠋ ᠱᠣᠣ ᠾᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠾᠧᠩ ᠫᠦᠸ᠋ᠸ ᠶᠢᠨ ᠬᠥᠯ ᠪᠥᠮᠪᠦᠭᠡ ᠶᠢᠨ ᠵᠢᠵᠢᠭ ᠪᠠᠯᠭᠠᠰᠤ ᠵᠢᠴᠢ ᠦ᠋ ᠬᠤᠸᠠ ᠰᠢᠶᠠᠨ ᠤ ᠳ᠋ᠦᠩ ᠴᠧᠩ ᠬᠤᠩ ᠮᠦ ᠭᠡᠷ ᠤᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠭᠤᠸᠠᠩᠳᠦ᠋ᠩ ᠤᠨ ᠵᠢᠩ  ᠿᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩᠳᠦ᠋ᠩ ᠤᠨ ᠬᠠᠨ ᠭᠤᠸᠠᠩ ᠴᠤᠤ ᠱᠦᠨ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠪᠠᠢ ᠰᠦᠢ ᠱᠠᠨ ︵ᠮᠧᠢ ᠵᠧᠦ︶ᠤᠮᠳᠠᠭᠠᠨ ᠤ ᠬᠢᠵᠠᠭᠠᠷᠲᠤ ᠺᠣᠮᠫᠠᠨᠢ᠂ ᠡᠮᠦᠨᠡᠲᠦ ᠶᠢᠨ ᠴᠠᠬᠢᠯᠭᠠᠨ ᠲᠣᠣᠷ ᠤᠨ ᠤᠷᠬᠢᠯ ᠢ ᠲᠣᠬᠢᠷᠠᠭᠤᠯᠤᠨ ᠳᠠᠪᠲᠠᠮᠵᠢ ᠲᠣᠬᠢᠷᠠᠭᠤᠯᠬᠤ︵ᠭᠤᠸᠠᠩᠳᠦ᠋ᠩ︶ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠲᠤᠬᠠᠢ ᠶᠢᠨ ᠭᠠᠵᠠᠷ ᠤᠨ ᠲᠥᠯᠥᠭᠡᠯᠡᠬᠦ ᠴᠢᠨᠠᠷᠲᠠᠢ ᠠᠵᠤ ᠠᠬᠤᠶᠢᠯᠠᠯ ᠳᠤ ᠬᠦᠷᠴᠡᠢ᠃ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃    ᠲᠤᠰ ᠣᠷᠣᠢ ᠶᠢᠨ ᠶᠠᠪᠤᠭᠳᠠᠭᠰᠠᠨ ︽ᠦ᠋ ᠬᠤᠸᠠ ᠰᠢᠶᠠᠨ· ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠥᠬᠦᠷᠯᠡᠯ ᠤᠨ ᠠᠵᠢᠯᠯᠠᠭ᠎ᠠ︾ ᠳᠤ᠂ ᠬᠤᠶᠠᠷ ᠭᠠᠵᠠᠷ ᠤᠨ ᠬᠢᠨ ᠨᠥᠬᠦᠷᠰᠡᠭ ᠬᠤᠳᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠨᠥᠬᠦᠷᠰᠡᠭ ᠬᠤᠳᠠ ᠪᠠᠷ ᠲᠣᠭᠲᠠᠵᠠᠢ᠃ ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠬᠢᠨ ᠬᠠᠷᠢᠯᠴᠠᠨ ᠠᠶᠢᠯᠴᠢᠯᠠᠵᠤ ᠰᠣᠯᠢᠯᠴᠠᠬᠤ ᠳᠦᠷᠢᠮ ᠢ ᠪᠦᠷᠢᠨᠰᠢᠭᠦᠯᠵᠦ᠂ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠬᠤᠶᠠᠷ ᠭᠠᠵᠠᠷ ᠤᠨ ᠣᠶᠢᠯᠠᠭᠠᠭᠳᠠᠬᠤᠨ ᠤ ᠬᠠᠷᠢᠯᠴᠠᠨ ᠨᠡᠪᠲᠡᠷᠡᠯᠴᠡᠬᠦ᠂ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠬᠦ᠂ ᠮᠡᠷᠭᠡᠵᠢᠯ ᠤᠨ ᠬᠠᠷᠢᠯᠴᠠᠨ ᠬᠠᠪᠰᠤᠷᠤᠯᠴᠠᠬᠤ᠂ ᠠᠵᠢᠯᠲᠠᠨ ᠤ ᠬᠠᠷᠢᠯᠴᠠᠨ ᠦᠢᠯᠡᠳᠦᠯᠴᠡᠬᠦ ᠶᠢ ᠠᠬᠢᠭᠤᠯᠵᠤ᠂ ᠬᠠᠷᠢᠯᠴᠠᠨ ᠠᠬᠢᠭᠤᠯᠵᠤ ᠬᠠᠷᠢᠯᠴᠠᠨ ᠠᠰᠢᠭᠲᠠᠢ ᠪᠠᠶᠢᠬᠤ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃    ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠱᠣᠸ ᠯᠢᠦ᠂ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠸᠠᠨ ᠶᠧ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠳ᠋ ᠳᠠᠷᠤᠭ᠎ᠠ ᠶᠠᠩ ᠤᠯᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠳ ᠤᠨ ᠬᠡᠯᠲᠡᠰ ᠤᠨ ᠳᠠᠷᠤᠭ᠎ᠠ ᠰᠤ᠋ ᠳ᠋ᠡ ᠸᠧᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠨᠠᠷ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号