︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2023/11/28
   ᠣᠶᠢᠷ᠎ᠠ ᠳᠤ᠂ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃    ᠤᠬᠠᠭᠤᠯᠤᠨ ᠲᠠᠶᠢᠯᠪᠤᠷᠢᠯᠠᠬᠤ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠠᠯᠠᠭᠴᠢ ᠯᠧᠺᠲ᠋ᠣᠷ ᠬᠠᠨ ᠰᠢᠸ ᠶᠦᠨ ᠭᠤᠣᠯᠯᠠᠨ ᠶᠠᠷᠢᠪᠠ᠃ ᠬᠠᠨ ᠰᠢᠸ ᠶᠦᠨ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ︾ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ ᠶᠢᠨ ᠲᠣᠭᠤᠷᠢᠨ ᠳᠤ᠂  ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠨ ᠣᠶᠢᠯᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠤᠨ ᠭᠤᠣᠯᠳᠠᠯᠭ᠎ᠠ ᠲᠠᠢ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠴᠢ ᠬᠠᠷᠢᠭᠤᠯᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ︽ᠰᠠᠨᠠᠯ︾  ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠦᠷᠪᠡᠨ ᠲᠠᠯ᠎ᠠ ᠶᠢ ᠰᠠᠶᠢᠲᠤᠷ ᠠᠳᠬᠤᠵᠤ᠂ ᠪᠦᠬᠦ ᠲᠠᠯ᠎ᠠ ᠶᠢᠨ ᠰᠢᠰᠲ᠋ᠧᠮ ᠲᠠᠢ᠂ ᠭᠦᠨᠵᠡᠭᠡᠢ ᠨᠡᠪᠲᠡᠷᠬᠡᠢ ᠲᠠᠶᠢᠯᠤᠮᠵᠢ ᠪᠠ ᠲᠠᠶᠢᠯᠪᠤᠷᠢᠯᠠᠯᠲᠠ ᠬᠢᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ᠂ ᠰᠤᠳᠠᠰᠤ ᠨᠢ ᠲᠣᠳᠣᠷᠬᠠᠢ᠂ ᠭᠤᠣᠯᠳᠠᠯᠭ᠎ᠠ ᠨᠢ ᠲᠣᠪᠣᠶᠢᠮ᠎ᠠ᠂ ᠯᠣᠭᠢᠭ ᠨᠢ ᠨᠢᠭᠲᠠ ᠴᠢᠩᠭ᠎ᠠ ᠪᠠᠶᠢᠵᠤ᠂ ᠤᠯᠤᠰ ᠲᠦᠷᠦ ᠶᠢᠨ ᠥᠨᠳᠥᠷᠴᠡ ᠲᠠᠢ ᠪᠥᠭᠡᠳ ᠤᠨᠤᠯ ᠤᠨ ᠭᠦᠨᠴᠡ ᠲᠠᠢ ᠶᠤᠮ᠃    ᠤᠯᠠᠨ ᠢᠶᠠᠷ ᠢᠶᠠᠨ᠂ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ᠂ ᠴᠡᠭᠡᠵᠢᠯᠡᠵᠦ᠂ ᠰᠠᠨᠠᠯ ᠨᠢᠭᠡᠲᠡᠢ ᠪᠠᠶᠢᠵᠤ᠂ ︽ᠲᠠᠪᠤᠨ‌ᠥᠭᠦᠯᠡᠪᠦᠷᠢ︾  ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠵᠦ᠂ ᠰᠤᠷᠤᠭᠰᠠᠨ ᠢᠶᠠᠨ ᠬᠡᠷᠡᠭᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾  ᠶᠢ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号