ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠣᠬᠢᠷᠲᠤᠯ ᠦᠭᠡᠢ ᠴᠠᠬᠢᠭᠤᠷ ᠮᠠᠲ᠋ᠧᠷᠢᠶᠠᠯ ᠢ  ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠦᠨ ᠠᠭᠤᠷᠬᠠᠢ ᠬᠠᠶᠢᠬᠤ ᠡᠷᠬᠡ ᠶᠢ ᠲᠣᠬᠢᠷᠠᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/11/28
ᠠᠶᠢᠮᠠᠭ ᠤᠨ ᠵᠠᠬᠢᠷᠭ᠎ᠠ᠄    ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠣᠷᠣᠨ ᠪᠦᠰᠡ ᠶᠢᠨ ᠳᠣᠲᠣᠷᠠᠬᠢ ᠡᠬᠢ ᠪᠠᠶᠠᠯᠢᠭ ᠤᠨ ᠰᠠᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠠᠶᠢᠨ ᠪᠠᠶᠢᠴᠠᠭᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ᠂ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠴᠠᠬᠢᠭᠤᠷ ᠴᠢᠯᠠᠭᠤᠨ ᠤ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠣᠶ ᠪᠣᠯᠭᠠᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠴᠠᠬᠢᠭᠤᠷ ᠤᠨ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠠᠬᠢᠭᠤᠷ ᠤᠨ ᠳᠠᠪᠬᠤᠷ ᠢᠰᠦᠯ ᠤᠨ ᠠᠭᠤᠯᠤᠭᠳᠠᠴᠠ ᠨᠢ 97%  ᠠᠴᠠ ᠳᠡᠭᠡᠭᠰᠢᠬᠢ ᠴᠠᠬᠢᠭᠤᠷ ᠴᠢᠯᠠᠭᠤ ᠶᠢᠨ ᠲᠦᠭᠦᠬᠡᠢ ᠮᠠᠲ᠋ᠧᠷᠢᠶᠠᠯ ᠨᠢ ᠨᠥᠬᠦᠴᠡᠯ ᠳᠤ ᠨᠡᠶᠢᠴᠡᠨ᠎ᠡ᠂ ᠣᠲᠣ ᠶᠢᠨ ᠮᠠᠨ ᠤ ᠬᠤᠰᠢᠭᠤᠨ ᠤ  ᠭᠦᠢᠯᠡᠷ ᠪᠠᠯᠭᠠᠰᠤ ᠶᠢᠨ ᠴᠠᠭᠠᠨᠴᠢᠯᠠᠭᠤ ᠭᠠᠴᠠᠭ᠎ᠠ ᠶᠢᠨ ᠣᠷᠴᠢᠮ ᠤᠨ ᠬᠦᠳᠡᠷ ᠤᠨ ᠴᠢᠨᠠᠷ ᠴᠢᠨᠰᠠᠭ᠎ᠠ ᠨᠢ ᠨᠡᠯᠢᠶᠡᠳ ᠰᠠᠶᠢᠨ᠂ ᠠᠩᠬ᠎ᠠ ᠠᠯᠬᠤᠮ ᠤᠨ ᠰᠢᠨᠵᠢᠯᠡᠨ ᠪᠠᠶᠢᠴᠠᠭᠠᠯᠲᠠ ᠪᠠᠷ ᠳᠡᠮᠵᠢᠨ᠂ ᠠᠵᠤ ᠦᠢᠯᠡᠳᠪᠦᠷᠢ ᠶᠢᠨ ᠴᠠᠬᠢᠭᠤᠷ ᠤᠨ ᠦᠢᠯᠡᠳᠪᠦᠷᠢᠯᠡᠯ ᠤᠨ ᠪᠠᠷᠢᠮᠵᠢᠶ᠎ᠠ ᠳᠤ ᠨᠡᠶᠢᠴᠡᠨ᠎ᠡ᠂ ᠭᠡᠪᠡᠴᠦ ᠣᠳᠣᠬᠠᠨ ᠳᠤ ᠲᠣᠰ ᠭᠠᠵᠠᠷ ᠣᠷᠣᠨ ᠳᠤ ᠠᠭᠤᠷᠬᠠᠢ ᠬᠠᠶᠢᠬᠤ ᠡᠷᠬᠡ ᠦᠭᠡᠢ ᠪᠣᠯᠬᠤᠷ ᠠᠭᠤᠷᠬᠠᠢ ᠬᠠᠶᠢᠬᠤ ᠡᠷᠬᠡ ᠶᠢ ᠲᠦᠷᠭᠡᠨ ᠲᠣᠭᠲᠠᠭᠠᠬᠤ ᠴᠢᠬᠤᠯᠠᠲᠠᠢ ᠪᠠᠶᠢᠨ᠎ᠠ᠃    ᠨᠢᠭᠡ᠂ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠴᠠᠬᠢᠭᠤᠷ ᠴᠢᠯᠠᠭᠤᠨ ᠠᠭᠤᠷᠬᠠᠢ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 1 ᠄ 20 ᠲᠦᠮᠡᠨ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ︾ ᠵᠡᠷᠭᠡ ᠥᠩᠭᠡᠷᠡᠭᠰᠡᠨ ᠤ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠦᠨᠳᠦᠰᠦᠯᠡᠨ᠂  ᠭᠦᠢᠯᠡᠷ ᠪᠠᠯᠭᠠᠰᠤ ᠶᠢᠨ ᠴᠠᠭᠠᠨᠴᠢᠯᠠᠭᠤ ᠭᠠᠴᠠᠭ᠎ᠠ ᠶᠢᠨ ᠬᠠᠶᠢᠨ ᠪᠠᠶᠢᠴᠠᠭᠠᠬᠤ ᠣᠷᠣᠨ ᠤ ᠬᠡᠰᠡᠭ ᠢ ᠠᠩᠬ᠎ᠠ ᠠᠯᠬᠤᠮ ᠵᠠᠭᠠᠭᠯᠠᠨ ᠲᠣᠭᠲᠠᠭᠠᠪᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠬᠢᠩᠭᠠᠨ ᠠᠶᠢᠮᠠᠭ ᠤᠨ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ︾ ᠳᠤ ᠲᠣᠬᠢᠷᠠᠭᠤᠯᠤᠯᠲᠠ ᠬᠢᠬᠦ ᠠᠵᠢᠯ ᠢ ᠵᠣᠬᠢᠴᠠᠭᠤᠯᠤᠨ ᠨᠠᠪᠲᠠᠷᠡᠭᠦᠯᠵᠦ᠂ ᠰᠢᠨ᠎ᠡ ᠪᠠᠷ ᠨᠡᠮᠡᠭᠰᠡᠨ ᠭᠦᠢᠯᠡᠷ ᠪᠠᠯᠭᠠᠰᠤᠨ ᠤ ᠴᠠᠭᠠᠨᠴᠢᠯᠠᠭᠤ ᠴᠠᠬᠢᠭᠤᠷ ᠴᠢᠯᠠᠭᠤᠨ ᠤ ᠠᠭᠤᠷᠬᠠᠢ ᠶᠢ ᠬᠠᠶᠢᠨ ᠪᠠᠶᠢᠴᠠᠭᠠᠬᠤ ᠲᠥᠯᠦᠪᠵᠢᠭᠦᠯᠭᠡ ᠶᠢᠨ ᠣᠷᠣᠨ ᠤ ᠬᠡᠰᠡᠭ᠂ ᠲᠠᠯᠠᠪᠠᠶ ᠨᠢ 27.22 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠂ ᠡᠭᠦᠨ ᠤ ᠵᠡᠷᠭᠡ ᠳᠤ᠂ ᠮᠠᠨ ᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ ᠲᠥᠯᠦᠪᠵᠢᠭᠦᠯᠭᠡ ᠶᠢᠨ ᠣᠷᠣᠨ ᠤ ᠳᠣᠲᠣᠷᠠᠬᠢ ᠴᠠᠬᠢᠭᠤᠷ ᠴᠢᠯᠠᠭᠤᠨ ᠤ ᠠᠭᠤᠷᠬᠠᠢ ᠪᠣᠯᠬᠤ ᠴᠡᠭ ᠤᠨ ᠥᠯᠢᠭᠡᠷ ᠠᠪᠴᠤ ᠰᠢᠨᠵᠢᠯᠡᠨ ᠰᠢᠯᠭᠠᠬᠤ ᠠᠵᠢᠯ ᠢ ᠥᠷᠨᠢᠭᠦᠯᠵᠦ᠂ ᠲᠠᠷᠠᠭᠠᠴᠢ ᠶᠢᠨ ᠠᠯᠬᠤᠮ ᠤᠨ ᠴᠠᠬᠢᠭᠤᠷ ᠴᠢᠯᠠᠭᠤᠨ ᠤ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠠ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠣᠳᠣᠬᠠᠨ ᠳᠤ᠂ ᠮᠠᠰᠢ ᠣᠯᠠᠨ ᠠᠵᠤ ᠠᠬᠤᠶᠢᠯᠠᠯ ᠮᠠᠨ ᠤ ᠬᠤᠰᠢᠭᠤᠨ ᠳᠤ ᠬᠠᠮᠲᠤᠷᠠᠨ ᠠᠵᠢᠯᠯᠠᠬᠤ ᠰᠠᠨᠠᠭ᠎ᠠ ᠪᠠᠨ ᠢᠯᠡᠳᠬᠡᠵᠡᠢ᠃    ᠬᠤᠶᠠᠷ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠬᠦᠴᠢᠷᠳᠡᠯ ᠣᠷᠣᠰᠢᠵᠤ ᠪᠠᠶᠢᠨ᠎ᠠ    ︵ᠨᠢᠭᠡ︶  ᠭᠦᠢᠯᠡᠷ ᠪᠠᠯᠭᠠᠰᠤ ᠶᠢᠨ ᠴᠠᠬᠢᠭᠤᠷ ᠴᠢᠯᠠᠭᠤᠨ ᠤ ᠠᠭᠤᠷᠬᠠᠢ ᠶᠢ ᠬᠠᠶᠢᠨ ᠪᠠᠶᠢᠴᠠᠭᠠᠬᠤ ᠲᠥᠯᠦᠪᠵᠢᠭᠦᠯᠭᠡ ᠶᠢᠨ ᠣᠷᠣᠨ ᠤ ᠬᠡᠰᠡᠭ ᠨᠢ ᠦᠨᠳᠦᠰᠦᠨ ᠨᠤᠲᠤᠭ ᠪᠡᠯᠴᠢᠭᠡᠷ᠂ ᠨᠡᠶᠢᠲᠡ ᠶᠢᠨ ᠠᠰᠠᠷᠠᠮᠵᠢ ᠶᠢᠨ ᠣᠶ ᠂ ᠦᠨᠳᠦᠰᠦᠨ ᠲᠠᠷᠢᠶᠠᠨ ᠭᠠᠵᠠᠷ ᠵᠡᠷᠭᠡ ᠡᠯ᠎ᠡ ᠲᠥᠷᠥᠯ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ  ᠠᠴᠠ ᠪᠣᠯᠵᠤ᠂ ᠠᠭᠤᠷᠬᠠᠢ ᠶᠢᠨ ᠦᠢᠯᠡᠰ ᠤᠨ ᠡᠷᠬᠡ ᠶᠢ ᠲᠣᠬᠢᠷᠠᠭᠤᠯᠬᠤ ᠳᠤ ᠬᠦᠴᠢᠷᠲᠡᠢ ᠪᠠᠶᠢᠵᠤ᠂ ᠨᠡᠭᠡᠭᠡᠨ ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠪᠠᠶᠢᠨ᠎ᠠ᠃ ᠡᠭᠦᠨ ᠤ ᠵᠡᠷᠭᠡ ᠳᠤ᠂ ᠮᠠᠨ ᠤ ᠬᠤᠰᠢᠭᠤᠨ ᠤ ᠨᠢᠭᠡᠨᠲᠡ ᠪᠠᠶᠢᠭᠤᠯᠤᠭᠰᠠᠨ 5 ᠴᠠᠬᠢᠭᠤᠷ ᠴᠢᠯᠠᠭᠤ ᠶᠢᠨ ᠠᠭᠤᠷᠬᠠᠢ ᠮᠠᠯᠲᠠᠬᠤ ᠡᠷᠬᠡ ᠨᠢ ᠳᠡᠭᠡᠷ᠎ᠡ ᠳᠤᠷᠠᠳᠤᠭᠰᠠᠨ ᠬᠦᠴᠦᠨ ᠵᠦᠢᠯ ᠤᠨ ᠨᠥᠯᠥᠭᠡ ᠶᠢ ᠭᠥᠷᠳᠡᠵᠦ᠂ ᠨᠥᠭᠡᠴᠡ ᠪᠠᠨ ᠨᠡᠮᠡᠭᠳᠡᠭᠦᠯᠦᠨ ᠣᠷᠣᠨ ᠢᠶᠠᠨ ᠥᠷᠭᠡᠳᠬᠡᠬᠦ ᠶᠢ ᠦᠷᠭᠦᠯᠵᠢᠯᠡᠨ ᠥᠷᠭᠡᠳᠬᠡᠬᠦ ᠳᠤ ᠪᠡᠷᠬᠡᠲᠡᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠬᠦ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠠᠰᠢᠭᠯᠠᠵᠤ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠵᠥᠷᠢᠴᠡᠯ ᠣᠷᠣᠰᠢᠵᠤ ᠪᠠᠶᠢᠨ᠎ᠠ᠃    ︵ᠬᠤᠶᠠᠷ︶ ᠬᠤᠰᠢᠭᠤᠨ ᠤ ᠲᠣᠰ ᠱᠠᠲᠤᠨ ᠤ ᠡᠳ᠋ ᠤᠨ ᠬᠦᠴᠦᠨ ᠬᠢᠵᠠᠭᠠᠷ ᠲᠠᠢ᠂ ᠴᠠᠬᠢᠭᠤᠷ ᠴᠢᠯᠠᠭᠤᠨ ᠤ ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠠᠯ᠎ᠠ ᠪᠠᠷ ᠬᠢ ᠣᠷᠣᠭᠤᠯᠤᠯᠲᠠ ᠶᠢᠨ ᠶᠡᠷᠦᠩᠬᠡᠢ ᠡᠷᠴᠢᠮ ᠪᠠᠭ᠎ᠠ᠂ ᠲᠣᠰ ᠲᠣᠰ ᠤᠨ ᠠᠭᠤᠷᠬᠠᠢ ᠶᠢᠨ ᠴᠡᠭ ᠤᠨ ᠣᠲᠣ ᠶᠢᠨ ᠪᠠᠶᠢᠭ᠎ᠠ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠦᠨᠳᠦᠰᠦᠯᠡᠯ ᠪᠣᠯᠭᠠᠭᠰᠠᠨ ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠨᠠᠶᠢᠷᠠᠭᠤᠯᠤᠨ ᠵᠣᠬᠢᠶᠠᠬᠤ ᠴᠠᠭ ᠨᠢ ᠨᠡᠯᠢᠶᠡᠳ ᠡᠷᠲᠡ ᠪᠠᠶᠢᠵᠤ᠂ ᠲᠤᠬᠠᠢ ᠶᠢᠨ ᠦᠶ᠎ᠡ ᠶᠢᠨ ᠮᠡᠷᠭᠡᠵᠢᠯ ᠤᠨ ᠨᠥᠬᠦᠴᠡᠯ ᠳᠤ ᠬᠢᠵᠠᠭᠠᠷᠯᠠᠭᠳᠠᠵᠤ᠂ ᠬᠡᠰᠡᠭ ᠭᠠᠵᠠᠷ ᠣᠷᠣᠨ ᠤ ᠡᠬᠢ ᠪᠠᠶᠠᠯᠢᠭ ᠢ ᠪᠠᠶᠢᠴᠠᠭᠠᠨ ᠲᠣᠳᠣᠯᠠᠭᠰᠠᠨ ᠬᠡᠮᠵᠢᠶ᠎ᠡ ᠳᠣᠣᠷ᠎ᠠ᠂ ᠡᠬᠢ ᠪᠠᠶᠠᠯᠢᠭ ᠤᠨ ᠬᠡᠮᠵᠢᠶ᠎ᠡ ᠶᠢᠨ ᠣᠯᠠᠩᠬᠢ ᠨᠢ ᠵᠢᠱᠢᠨ ᠪᠤᠳᠤᠭᠰᠠᠨ ᠲᠤᠭ᠎ᠠ ᠪᠣᠯᠣᠨ᠎ᠠ᠃ ᠡᠭᠦᠨ ᠤ ᠬᠠᠮᠲᠤ᠂ ᠴᠠᠬᠢᠭᠤᠷ ᠴᠢᠯᠠᠭᠤ ᠶᠢᠨ ᠠᠭᠤᠷᠬᠠᠢ ᠪᠦᠲᠦᠭᠰᠡᠨ ᠣᠷᠣᠨ ᠪᠦᠰᠡ ᠳᠤ ᠪᠠᠶᠢᠴᠠᠭᠠᠨ ᠦᠨᠡᠯᠡᠯᠲᠡ ᠬᠢᠬᠦ ᠰᠢᠰᠲ᠋ᠧᠮᠲᠦ ᠴᠢᠨᠠᠷ ᠢᠶᠠᠷ ᠬᠦᠷᠦᠯᠴᠡᠬᠦ ᠦᠭᠡᠢ ᠪᠠᠶᠢᠵᠤ᠂ ᠢᠯᠡᠷᠡᠭᠦᠯᠦᠭᠰᠡᠨ ᠠᠭᠤᠷᠬᠠᠢ ᠶᠢᠨ ᠴᠡᠭ  ᠨᠢ ᠣᠯᠠᠨ ᠪᠢᠰᠢ ᠮᠥᠷᠲᠡᠭᠡᠨ ᠨᠢᠭᠡᠨᠲᠡ ᠢᠯᠡᠷᠡᠭᠦᠯᠦᠭᠰᠡᠨ ᠴᠠᠬᠢᠭᠤᠷ ᠴᠢᠯᠠᠭᠤ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠤᠨ ᠬᠢᠷᠢ ᠬᠡᠮᠵᠢᠶ᠎ᠡ ᠨᠢ ᠳᠣᠣᠷ᠎ᠠ ᠪᠠᠶᠢᠵᠤ᠂ ᠪᠠᠶᠢᠴᠠᠭᠠᠨ ᠲᠣᠳᠣᠯᠠᠭᠰᠠᠨ ᠬᠠᠳᠠᠭᠠᠯᠠᠭᠳᠠᠴᠠ ᠶᠢᠨ ᠬᠡᠮᠵᠢᠶ᠎ᠡ ᠨᠢ ᠨᠡᠯᠢᠶᠡᠳ ᠪᠠᠭ᠎ᠠ ᠪᠠᠶᠢᠵᠤ᠂ ᠣᠯᠠᠨ ᠭᠠᠵᠠᠷ ᠨᠢ ᠨᠡᠭᠦᠷᠡᠰᠦᠨ ᠪᠤᠰᠤ ᠠᠭᠤᠷᠬᠠᠢ ᠶᠢᠨ ᠬᠠᠮᠤᠭ ᠤᠨ ᠳᠣᠣᠷ᠎ᠠ ᠨᠡᠭᠡᠭᠡᠨ ᠮᠠᠯᠲᠠᠬᠤ ᠬᠡᠪᠴᠢᠶ᠎ᠡ ᠳᠤ ᠬᠦᠷᠴᠦ ᠳᠡᠶᠢᠯᠬᠦ ᠦᠭᠡᠢ ᠪᠠᠶᠢᠵᠤ᠂ ᠬᠠᠶᠢᠨ ᠪᠠᠶᠢᠴᠠᠭᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠰᠠᠭᠤᠷᠢ ᠲᠤᠭ᠎ᠠ ᠶᠢ ᠲᠣᠳᠣᠷᠬᠠᠶᠢᠯᠠᠬᠤ ᠴᠢᠬᠤᠯᠠᠲᠠᠢ ᠪᠠᠶᠢᠨ᠎ᠠ᠃    ᠭᠤᠷᠪᠠ᠂ ᠬᠠᠪᠰᠤᠷᠤᠯᠭ᠎ᠠ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ    ︵ᠨᠢᠭᠡ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠠᠶᠢᠮᠠᠭ ᠵᠠᠬᠢᠷᠭ᠎ᠠ ᠨᠢ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠨᠡᠪᠲᠡᠷᠡᠯᠴᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ᠪᠠᠶᠢᠭᠤᠯᠬᠤ ᠪᠠᠷ ᠪᠠᠶᠢᠭ᠎ᠠ ᠠᠭᠤᠷᠬᠠᠢ ᠶᠢᠨ ᠣᠷᠣᠨ ᠤ ᠬᠡᠪᠴᠢᠶᠡᠨ ᠳᠠᠬᠢ ᠵᠣᠬᠢᠬᠤ ᠬᠡᠷᠡᠭᠯᠡᠬᠦ ᠭᠠᠵᠠᠷ ᠤᠨ ᠬᠠᠷᠢᠶᠠᠲᠤ ᠴᠢᠨᠠᠷ ᠤᠨ ᠬᠠᠮᠢᠶᠠᠷᠤᠨ ᠡᠵᠡᠮᠳᠡᠬᠦ ᠲᠠᠰ ᠲᠤ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠴᠠᠬᠢᠭᠤᠷ ᠴᠢᠯᠠᠭᠤ ᠶᠢᠨ ᠠᠭᠤᠷᠬᠠᠢ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠳᠤ ᠣᠷᠣᠨ ᠵᠠᠢ ᠪᠠ ᠨᠥᠬᠦᠴᠡᠯ ᠬᠠᠩᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃    ︵ᠬᠤᠶᠠᠷ︶ ︽︿ᠬᠢᠩᠭᠠᠨ ᠠᠶᠢᠮᠠᠭ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ﹀ ᠳᠤ ᠲᠣᠬᠢᠷᠠᠭᠤᠯᠤᠯᠲᠠ ᠬᠢᠬᠦ ᠲᠥᠰᠥᠯ︾ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠳᠤ ᠪᠠᠲᠤᠯᠠᠪᠠ᠂ ᠣᠲᠣ ᠶᠠᠭ ᠨᠡᠶᠢᠲᠡᠯᠡᠨ ᠬᠡᠷᠡᠭᠵᠢᠭᠦᠯᠬᠦ ᠶᠢ ᠬᠦᠯᠢᠶᠡᠵᠦ ᠪᠠᠶᠢᠨ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠴᠠᠬᠢᠭᠤᠷ ᠴᠢᠯᠠᠭᠤᠨ ᠤ ᠬᠡᠷᠡᠭᠯᠡᠯᠲᠡ ᠶᠢᠨ ᠬᠡᠷᠡᠭᠴᠡᠭᠡ ᠶᠢ ᠪᠠᠲᠤᠯᠠᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢᠨ ᠲᠥᠯᠥᠭᠡ᠂ ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ  ᠭᠦᠢᠯᠡᠷ ᠪᠠᠯᠭᠠᠰᠤᠨ ᠤ ᠴᠠᠭᠠᠨᠴᠢᠯᠠᠭᠤ ᠴᠠᠬᠢᠭᠤᠷ ᠴᠢᠯᠠᠭᠤᠨ ᠤ ᠠᠭᠤᠷᠬᠠᠢ ᠶᠢᠨ ᠬᠠᠶᠢᠨ ᠪᠠᠶᠢᠴᠠᠭᠠᠯᠲᠠ ᠶᠢᠨ ᠲᠥᠯᠦᠪᠵᠢᠭᠦᠯᠭᠡ ᠶᠢᠨ ᠣᠷᠣᠨ ᠤ ᠬᠡᠰᠡᠭ ᠢ ᠲᠣᠬᠢᠷᠠᠭᠤᠯᠵᠤ ᠠᠭᠤᠷᠬᠠᠢ ᠬᠠᠶᠢᠬᠤ ᠡᠷᠬᠡ ᠶᠢᠨ ᠡᠮᠦᠨᠡᠬᠢ ᠬᠤᠭᠤᠴᠠᠭᠠᠨ ᠤ ᠠᠵᠢᠯ ᠢ ᠤᠷᠢᠳᠠᠪᠠᠷ ᠥᠷᠨᠢᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃    ︵ᠭᠤᠷᠪᠠ︶ ᠬᠤᠰᠢᠭᠤᠨ ᠤ ᠲᠤᠰ ᠱᠠᠲᠤᠨ ᠤ ᠡᠳ᠋ ᠤᠨ ᠵᠠᠰᠠᠭ ᠬᠢᠵᠠᠭᠠᠷ ᠲᠠᠢ ᠠᠴᠠ ᠪᠣᠯᠵᠤ᠂ ᠠᠶᠢᠮᠠᠭ ᠤᠨ ᠵᠠᠬᠢᠷᠭ᠎ᠠ  ᠠᠴᠠ ᠮᠠᠨ ᠤ ᠬᠤᠰᠢᠭᠤᠨ ᠳᠤ ᠲᠤᠰᠬᠠᠢ ᠪᠡᠯᠡ ᠮᠥᠩᠭᠦ ᠰᠢᠯᠵᠢᠭᠦᠯᠦᠨ ᠥᠭᠴᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠣᠲᠣᠷ᠎ᠠ ᠨᠢᠭᠡᠨᠲᠡ ᠢᠯᠡᠷᠡᠭᠦᠯᠦᠭᠰᠡᠨ ᠠᠭᠤᠷᠬᠠᠢ ᠶᠢᠨ ᠡᠬᠢ ᠪᠠᠶᠠᠯᠢᠭ ᠤᠨ ᠪᠠᠶᠢᠳᠠᠯ ᠢ ᠤᠯᠠᠮ ᠨᠢᠭᠡ ᠠᠯᠬᠤᠮ ᠬᠠᠷᠭᠤᠭᠤᠯᠤᠨ ᠲᠣᠳᠣᠯᠠᠵᠤ᠂ ᠮᠠᠨ ᠤ ᠬᠤᠰᠢᠭᠤ ᠢᠵᠢ ᠪᠦᠷᠢᠳᠦᠭᠦᠯᠬᠦ ᠲᠤᠰᠬᠠᠢ ᠪᠡᠯᠡ ᠮᠥᠩᠭᠦ ᠲᠣᠬᠢᠷᠠᠭᠤᠯᠤᠨ᠂ ᠬᠠᠶᠢᠨ ᠪᠠᠶᠢᠴᠠᠭᠠᠭᠰᠠᠨ ᠪᠠᠶᠢᠳᠠᠯ ᠪᠠ ᠬᠠᠳᠠᠭᠠᠯᠠᠭᠳᠠᠴᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠪᠦᠰᠡ ᠶᠢᠨ ᠴᠢᠨᠠᠷᠲᠠᠢ ᠠᠭᠤᠷᠬᠠᠢ ᠡᠷᠢᠬᠦ ᠪᠠ ᠭᠤᠣᠯᠳᠠᠯᠭ᠎ᠠ ᠲᠠᠢ ᠠᠭᠤᠷᠬᠠᠢ ᠬᠠᠶᠢᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠤᠯ ᠤᠨ ᠪᠠᠶᠢᠭᠰᠠᠨ ᠠᠭᠤᠷᠬᠠᠢ ᠶᠢᠨ ᠴᠡᠭ ᠤᠨ ᠰᠠᠭᠤᠷᠢᠨ ᠳᠡᠭᠡᠷ᠎ᠡ ᠴᠠᠬᠢᠭᠤᠷ ᠴᠢᠯᠠᠭᠤᠨ ᠤ ᠠᠭᠤᠷᠬᠠᠢ ᠶᠢᠨ ᠭᠠᠷᠤᠯᠲᠠ ᠶᠢᠨ ᠰᠢᠨ᠎ᠡ ᠣᠷᠣᠨ ᠢ ᠢᠯᠡᠷᠡᠭᠦᠯᠬᠦ ᠪᠠᠷ ᠴᠢᠷᠮᠠᠶᠢᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃    ︵ᠳᠥᠷᠪᠡ︶ ᠮᠠᠨ ᠤ ᠬᠤᠰᠢᠭᠤᠨ ᠳᠤ ᠣᠲᠣ ᠳᠠᠩᠰᠠᠯᠠᠭᠤᠯᠤᠭᠰᠠᠨ ᠴᠠᠬᠢᠭᠤᠷ ᠴᠢᠯᠠᠭᠤᠨ ᠤ ᠠᠭᠤᠷᠬᠠᠢ ᠶᠢᠨ ᠠᠭᠤᠷᠬᠠᠢ ᠮᠠᠯᠲᠠᠬᠤ ᠡᠷᠬᠡ 5 ᠪᠠᠶᠢᠵᠤ᠂ ᠲᠤᠬᠠᠢ ᠶᠢᠨ ᠦᠶ᠎ᠡ ᠶᠢᠨ ᠲᠥᠷᠥ ᠶᠢᠨ ᠪᠣᠳᠣᠯᠭ᠎ᠠ ᠪᠠ ᠮᠡᠷᠭᠡᠵᠢᠯ ᠤᠨ ᠨᠥᠬᠦᠴᠡᠯ ᠤᠨ ᠨᠥᠯᠥᠭᠡ ᠠᠴᠠ ᠪᠣᠯᠵᠤ᠂ 5 ᠠᠭᠤᠷᠬᠠᠢ ᠮᠠᠯᠲᠠᠬᠤ ᠡᠷᠬᠡ ᠳᠤ ᠴᠥᠮ ᠠᠭᠤᠷᠬᠠᠢ ᠶᠢᠨ ᠣᠷᠣᠨ ᠤ ᠲᠠᠯᠠᠪᠠᠶ ᠨᠢ ᠪᠠᠭ᠎ᠠ᠂ ᠦᠢᠯᠡᠳᠪᠦᠷᠢᠯᠡᠯ ᠤᠨ ᠬᠡᠪᠴᠢᠶ᠎ᠡ ᠨᠢ ᠪᠠᠭ᠎ᠠ ᠵᠡᠷᠭᠡ ᠪᠠᠶᠢᠳᠠᠯ ᠣᠷᠣᠰᠢᠵᠤ ᠪᠠᠶᠢᠬᠤ ᠮᠥᠷᠲᠡᠭᠡᠨ ᠠᠭᠤᠷᠬᠠᠢ ᠮᠠᠯᠲᠠᠬᠤ᠂ ᠬᠦᠳᠡᠷ ᠰᠢᠯᠢᠬᠦ ᠮᠡᠷᠭᠡᠵᠢᠯ ᠤᠨ ᠬᠢᠷᠢ ᠬᠡᠮᠵᠢᠶ᠎ᠡ ᠪᠠ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠨᠢ ᠬᠤᠴᠤᠷᠤᠩᠭᠤᠢ ᠪᠠᠶᠢᠵᠤ᠂ ᠡᠬᠢ ᠪᠠᠶᠠᠯᠢᠭ ᠢ ᠶᠡᠬᠡᠬᠡᠨ ᠬᠡᠮᠵᠢᠶ᠎ᠡ ᠪᠠᠷ ᠪᠦᠷᠢᠯᠭᠡᠭᠰᠡᠨ ᠪᠠᠶᠢᠨ᠎ᠠ᠃ ᠲᠡᠮᠦᠷᠯᠢᠭ ᠪᠤᠰᠤ ᠬᠥᠬᠡ ᠲᠥᠷᠥᠯ ᠤᠨ ᠠᠭᠤᠷᠬᠠᠢ ᠶᠢᠨ ᠲᠥᠷᠥᠯ ᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠨᠢ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠬᠤ ᠤᠴᠢᠷ  ᠠᠴᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠵᠣᠬᠢᠴᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠬᠢᠭᠤᠷ ᠴᠢᠯᠠᠭᠤ ᠶᠢᠨ ᠠᠭᠤᠷᠬᠠᠢ ᠮᠠᠯᠲᠠᠬᠤ ᠡᠷᠬᠡ ᠶᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠠᠵᠢᠯ ᠥᠷᠨᠢᠭᠦᠯᠬᠦ ᠶᠢ ᠠᠶᠢᠮᠠᠭ ᠵᠠᠬᠢᠷᠭ᠎ᠠ ᠳᠤ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃    ︵ᠲᠠᠪᠤ︶ ᠮᠠᠨ ᠤ ᠬᠤᠰᠢᠭᠤᠨ ᠤ ᠪᠣᠬᠢᠷᠲᠤᠯ ᠦᠭᠡᠢ ᠴᠠᠬᠢᠭᠤᠷ ᠤᠨ ᠠᠵᠤ ᠦᠢᠯᠡᠰ ᠤᠨ ᠬᠥᠭᠵᠢᠯᠲᠡ ᠶᠢᠨ ᠲᠦᠭᠦᠬᠡᠢ ᠮᠠᠲ᠋ᠧᠷᠢᠶᠠᠯ ᠭᠦᠢᠴᠡᠳ ᠪᠠᠶᠢᠬᠤ ᠶᠢ ᠭᠦᠢᠴᠡᠳ ᠪᠠᠲᠤᠯᠠᠬᠤ ᠶᠢᠨ ᠬᠠᠮᠲᠤ ᠬᠤᠶᠢᠰᠢᠳᠠ ᠶᠢᠨ ᠬᠥᠭᠵᠢᠯᠲᠡ ᠳᠤ ᠣᠷᠣᠨ ᠵᠠᠢ ᠦᠯᠡᠳᠡᠭᠡᠬᠦ ᠶᠢᠨ ᠲᠤᠰᠠᠳᠠ᠂ ᠠᠶᠢᠮᠠᠭ ᠵᠠᠬᠢᠷᠭ᠎ᠠ ᠠᠴᠠ ᠪᠤᠰᠤᠳ ᠭᠠᠵᠠᠷ ᠣᠷᠣᠨ ᠢ ᠨᠢᠭᠡᠳᠦᠯᠲᠡᠢ ᠲᠥᠯᠥᠪᠯᠡᠨ ᠴᠠᠬᠢᠭᠤᠷ ᠴᠢᠯᠠᠭᠤᠨ ᠤ ᠠᠭᠤᠷᠬᠠᠢ ᠶᠢᠨ ᠠᠭᠤᠷᠬᠠᠢ ᠡᠷᠢᠬᠦ ᠠᠵᠢᠯ ᠢ ᠵᠡᠷᠭᠡᠪᠡᠷ ᠥᠷᠨᠢᠭᠦᠯᠵᠦ᠂ ᠪᠥᠬᠦ ᠠᠶᠢᠮᠠᠭ ᠤᠨ ᠴᠠᠬᠢᠭᠤᠷ ᠴᠢᠯᠠᠭᠤᠨ ᠤ ᠠᠭᠤᠷᠬᠠᠢ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠂ ᠪᠠᠲᠤᠯᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠴᠠᠬᠢᠭᠤᠷ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠦᠲᠦᠭᠡᠨ ᠪᠠᠶᠢᠭᠤᠯᠬᠤ ᠳᠤ ᠰᠠᠭᠤᠷᠢ ᠲᠤᠯᠭᠠᠭᠤᠷᠢᠯᠠᠯ ᠢ ᠴᠢᠩᠭᠠᠷᠠᠭᠤᠯᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号