ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/3
   11 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠵᠢᠴᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠣᠶ ᠰᠢᠭᠤᠢ ᠡᠪᠡᠰᠦ ᠪᠡᠯᠴᠢᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠮᠡᠳᠡᠭᠳᠡᠪᠡ᠃    ᠸᠠᠩ ᠯᠢ ᠳ᠋ᠦᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠲᠥᠯᠥᠪᠵᠢᠭᠦᠯᠬᠦ᠂ ᠲᠦᠷᠦᠯ ᠵᠦᠢᠯ ᠢ ᠠᠬᠢᠭᠤᠯᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠲᠦᠷᠦᠯ ᠵᠦᠢᠯ ᠢ ᠦᠨᠡᠨᠬᠦ ᠰᠠᠶᠢᠲᠤᠷ ᠲᠥᠯᠥᠪᠵᠢᠭᠦᠯᠵᠦ᠂ ᠰᠠᠶᠢᠲᠤᠷ ᠪᠦᠲᠦᠭᠡᠨ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠡᠩ ᠥᠷᠭᠡᠨ ᠬᠦᠷᠢᠶ᠎ᠡ᠂ ᠨᠡᠩ ᠡᠮᠦᠨ᠎ᠡ ᠵᠠᠬ᠎ᠠ ᠶᠢᠨ ᠵᠢᠭᠰᠠᠭᠠᠯ ᠤᠨ ᠭᠠᠵᠠᠷ ᠲᠤ ᠵᠣᠭᠰᠣᠨ ᠲᠦᠷᠦᠯ ᠵᠦᠢᠯ ᠢ ᠲᠥᠯᠥᠪᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠲᠠᠢ᠂ ᠬᠦᠴᠦᠲᠡᠢ ᠠᠬᠢᠬᠤ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠂ ᠪᠥᠬᠦ ᠲᠠᠯ᠎ᠠ ᠠᠴᠠ ᠪᠣᠳᠣᠯᠬᠢᠯᠠᠨ᠂ ᠰᠢᠰᠲ᠋ᠧᠮ ᠲᠠᠢ ᠠᠬᠢᠭᠤᠯᠵᠤ᠂ ᠲᠠᠰ ᠬᠤᠪᠢᠶᠠᠨ ᠬᠡᠷᠡᠭᠵᠢᠭᠦᠯᠵᠦ᠂ ᠥᠨᠳᠥᠷ ᠪᠠᠷᠢᠮᠵᠢᠶ᠎ᠠ᠂ ᠴᠢᠨᠠᠷ ᠴᠢᠨᠰᠠᠭ᠎ᠠ ᠪᠠᠷ ᠨᠢᠭᠡ ᠪᠦᠯᠦᠭ ᠠᠯᠤᠰ ᠬᠡᠲᠦ ᠳᠤ ᠠᠰᠢᠭᠲᠠᠢ᠂ ᠨᠥᠭᠡᠴᠡ ᠬᠦᠴᠦᠨ ᠢ ᠴᠢᠩᠭᠠᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号