ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ᠄ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠴᠣᠭᠴᠠᠯᠠᠵᠤ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2023/11/30
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠪᠦᠷᠢᠨ ᠪᠦᠲᠦᠨ᠂ ᠨᠠᠩ ᠳᠣᠲᠣᠨᠣ᠂ ᠨᠠᠩ ᠰᠢᠭᠤᠳ ᠨᠠᠰᠤᠵᠢᠯᠲᠠ ᠳᠤ ᠲᠣᠬᠢᠷᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠪᠥᠬᠦ ᠰᠡᠳᠬᠢᠯ ᠢᠶᠠᠷ ᠢᠶᠠᠨ ᠪᠠᠶᠢᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠡᠳ᠋ᠯᠡᠭᠦᠯᠵᠦ ᠪᠠᠶᠢᠨ᠎ᠠ᠃     ᠡᠪᠦᠯ ᠣᠷᠣᠭᠰᠠᠨ ᠠᠴᠠ ᠨᠠᠭᠠᠰᠢ᠂ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠵᠤ᠂ ᠴᠠᠰᠤ ᠨᠡᠶᠢᠳᠡᠮ ᠣᠷᠣᠳᠠᠭ᠃ ᠬᠡᠳᠦᠶᠢᠪᠡᠷ ᠭᠡᠷ ᠤᠨ ᠭᠠᠳᠠᠨ᠎ᠠ ᠬᠠᠬᠢᠷ ᠡᠪᠦᠯ ᠳᠤ ᠬᠠᠲᠠᠭᠤ ᠪᠣᠯᠪᠠᠴᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠲᠤ ᠬᠠᠷᠢᠨ ᠤᠷᠢᠬᠠᠨ ᠬᠠᠪᠤᠷ ᠰᠢᠭ᠋ ᠳᠤᠯᠠᠭᠠᠬᠠᠨ ᠪᠠᠶᠢᠵᠤ᠂ ᠬᠠᠷᠢᠶᠠᠲᠤ ᠣᠷᠣᠨ ᠤ ᠨᠠᠰᠤᠲᠠᠶᠢᠴᠤᠳ ᠫᠢᠩᠫᠠᠩ ᠪᠥᠮᠪᠦᠭᠡ ᠲᠣᠭᠯᠠᠵᠤ᠂ ᠲᠠᠨᠼ ᠪᠥᠵᠢᠭᠯᠡᠵᠦ᠂ ᠶᠡᠭᠡ ᠴᠠᠰᠤ  ᠠᠴᠠ ᠪᠣᠯᠵᠤ ᠰᠡᠯᠡᠭᠦᠴᠡᠯ ᠤᠨ ᠬᠥᠳᠡᠯᠭᠡᠭᠡᠨ ᠬᠢᠬᠦ ᠪᠠᠨ ᠵᠣᠭᠰᠣᠭᠰᠠᠨ ᠦᠭᠡᠢ᠃ ︽ᠡᠳᠦᠷ ᠪᠣᠯᠭᠠᠨ ᠨᠡᠶᠢᠭᠡᠮ ᠲᠣᠭᠤᠷᠢᠭ ᠲᠤ ᠢᠷᠡᠵᠦ ᠪᠠᠶᠢᠨ᠎ᠠ᠂ ᠪᠢᠳᠡ ᠠᠳᠡ ᠫᠢᠩᠫᠠᠩ ᠪᠥᠮᠪᠦᠭᠡ ᠨᠠᠭᠠᠳᠴᠣ ᠂ ᠪᠦᠵᠢᠭ ᠦᠰᠦᠷᠴᠦ ᠪᠣᠯᠣᠨ᠎ᠠ᠂ ᠦᠨᠡᠬᠡᠷ ᠦᠳᠡᠯᠡᠭᠰᠡᠨ ᠴᠦ ᠠᠰᠠᠷᠠᠮᠵᠢ ᠲᠠᠢ᠂ ᠦᠳᠡᠯᠡᠭᠰᠡᠨ ᠴᠦ ᠰᠤᠷᠤᠯᠭ᠎ᠠ ᠲᠠᠢ᠂ ᠦᠳᠡᠯᠡᠭᠰᠡᠨ ᠴᠦ  ᠪᠠᠶᠠᠷ ᠴᠡᠩᠭᠡᠯ ᠲᠠᠢ ᠪᠠᠶᠢᠨ᠎ᠠ ︾  ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠰᠢᠸ ᠶᠠᠩ ᠬᠡᠯᠡᠪᠡ᠃    ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠤᠨ ᠤᠤᠯ ᠨᠡᠷ᠎ᠡ ᠨᠢ ᠶᠦᠩᠨᠢᠩ ᠨᠡᠶᠢᠭᠡᠮ ᠲᠣᠭᠤᠷᠢᠭ ᠪᠣᠯᠣᠨ᠎ᠠ᠂ 2023 ᠣᠨ ᠤ 10 ᠰᠠᠷ᠎ᠠ ᠳᠤ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠭᠡᠵᠦ ᠨᠡᠷ᠎ᠡ ᠪᠠᠨ ᠬᠠᠯᠠᠪᠠ᠃ ᠣᠲᠣ ᠣᠷᠣᠨ ᠰᠠᠭᠤᠴᠠ ᠶᠢᠨ 7 ᠵᠢᠵᠢᠭ ᠲᠣᠭᠤᠷᠢᠭ ᠢ ᠬᠠᠷᠢᠶᠠᠯᠠᠵᠤ᠂ ᠨᠡᠶᠢᠭᠡᠮ ᠲᠣᠭᠤᠷᠢᠭ ᠤᠨ ᠪᠦᠬᠦᠯᠢ 60 ᠨᠠᠰᠤᠨ  ᠠᠴᠠ ᠳᠡᠭᠡᠭᠰᠢᠬᠢ ᠨᠠᠰᠤᠲᠠᠶᠢᠴᠤᠳ ᠤᠨ ᠲᠤᠭ᠎ᠠ 1842 ᠪᠠᠶᠢᠨ᠎ᠠ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ︽ᠪᠢᠴᠢᠯ ᠸᠢᠳᠢᠤ᠋︾ ᠶᠢᠨ ᠬᠢᠨᠠᠨ ᠡᠵᠡᠮᠳᠡᠯ ᠢ ᠤᠭᠰᠠᠷᠠᠵᠤ ᠂ ᠨᠠᠰᠤᠲᠠᠶᠢᠴᠤᠳ ᠤᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠨᠠᠰᠤᠲᠠᠶᠢᠴᠤᠳ ᠤᠨ ᠤᠶᠢᠳᠬᠠᠷ ᠢ ᠠᠷᠢᠯᠭᠠᠬᠤ ᠶᠢᠨ ᠬᠠᠮᠲᠤ ᠪᠠᠰᠠ ᠭᠠᠳᠠᠨ᠎ᠠ ᠪᠠᠶᠢᠭ᠎ᠠ ᠦᠷ᠎ᠡ ᠬᠡᠦᠬᠡᠳ ᠤᠨ ᠵᠣᠪᠠᠨᠢᠯ ᠢ ᠰᠢᠢᠳᠪᠦᠷᠢᠯᠡᠵᠡᠢ᠃    ᠡᠨᠡ ᠰᠠᠭᠤᠷᠢᠨ ᠳᠡᠭᠡᠷ᠎ᠡ᠂ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠺᠠᠳ᠋ᠷ᠂ ᠰᠢᠭᠤᠳ ᠬᠠᠮᠢᠶᠠᠷᠬᠤ ᠨᠠᠮ ᠤᠨ ᠭᠡᠰᠢᠭᠦᠨ ᠵᠢᠴᠢ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠲᠤᠰ ᠨᠡᠶᠢᠭᠡᠮ ᠲᠣᠭᠤᠷᠢᠭ ᠲᠤ ᠰᠠᠭᠤᠭ᠎ᠠ ᠨᠠᠮ ᠤᠨ ᠭᠡᠰᠢᠭᠦᠨ ᠲᠠᠢ ᠠᠭᠤᠰᠤᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠲᠤᠯᠤᠭᠠᠨ ᠥᠩᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢ ᠵᠣᠬᠢᠶᠠᠨ ᠪᠠᠶᠢᠭᠤᠯᠵᠤ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠲᠤ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠ ᠬᠥᠷᠰᠢ ᠵᠡᠷᠭᠡᠯᠡᠳᠡᠭᠡ ᠶᠢᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠣᠨᠴᠠᠯᠢᠭ ᠲᠠᠢ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ︽ᠡᠴᠦᠰ ᠤᠨ ᠨᠢᠭᠡ ᠮᠧᠲᠷ︾  ᠢ ᠨᠠᠪᠲᠠᠷᠡᠭᠦᠯᠵᠦ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠢ ᠬᠠᠪᠰᠤᠷᠤᠨ ᠴᠠᠭ ᠦᠶ᠎ᠡ ᠲᠠᠢ ᠵᠣᠯᠭᠠᠭᠤᠯᠪᠠ᠃     ᠣᠶᠢᠯᠠᠭᠠᠭᠰᠠᠨ ᠢᠶᠠᠷ᠂ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠤᠨ ᠬᠢᠨ ︽ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠢ ᠬᠦᠴᠦᠯᠡᠨ ᠪᠠᠶᠢᠭᠤᠯᠵᠤ᠂ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠨᠥᠬᠦᠪᠦᠷᠢᠯᠡᠭᠰᠡᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠪᠠᠶᠢᠭᠤᠯᠵᠤ᠂ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠰᠦᠪᠡᠭᠴᠢᠯᠡᠨ ᠪᠠᠶᠢᠭᠤᠯᠵᠤ᠂ ︽ᠥᠲᠡᠯᠪᠡᠯ ᠭᠥᠷᠳᠡᠬᠦ ᠠᠰᠠᠷᠠᠮᠵᠢ ᠲᠠᠢ︾ ᠪᠠᠶᠢᠭᠰᠠᠨ  ᠠᠴᠠ ᠪᠠᠨ ︽ᠥᠲᠡᠯᠪᠡᠯ  ᠰᠢᠯᠢᠳᠡᠭ ᠭᠥᠷᠳᠡᠬᠦ ᠠᠰᠠᠷᠠᠮᠵᠢ ᠲᠠᠢ︾ ᠪᠣᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠢ ᠨᠠᠰᠤᠲᠠᠶᠢᠴᠤᠳ ᠤᠨ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号