ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
   11 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠸᠠᠩ ᠯᠢ ᠳ᠋ᠦᠩ᠂ ᠸᠠᠩ ᠵᠢᠶᠠ ᠪᠥᠸᠧ᠂ ᠶᠤᠸᠠᠢ ᠰᠥᠩ ᠱᠠᠨ᠂ ᠳ᠋ᠢᠩ ᠪᠥᠸᠧ᠂ ᠬᠤᠸᠠᠩ ᠮᠠᠨ ᠯᠢᠶᠠᠩ᠂ ᠯᠢ ᠹᠠᠩ᠂ ᠮᠠ ᠨᠢᠩ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠪᠤᠰᠤᠳ ᠭᠤᠣᠯ ᠳᠤᠭᠤᠶᠢᠯᠠᠩ ᠤᠨ ᠭᠡᠰᠢᠭᠦᠳ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃       ᠬᠤᠷᠠᠯ ᠠᠴᠠ᠂ ︽ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠂ ︽ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠤᠨ ᠲᠤᠬᠠᠢ ᠥᠭᠦᠯᠡᠭᠰᠡᠨ ᠨᠢ︾ ᠂ ︽ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠤᠯᠤᠰ  ᠤᠨ ᠱᠠᠰᠢᠨ ᠰᠤᠷᠲᠠᠬᠤᠨ  ᠤ ᠠᠵᠢᠯ  ᠤᠨ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠵᠢᠱᠢᠶᠡᠴᠢ ᠥᠪᠡᠷᠲᠡᠭᠡᠨ ᠵᠠᠰᠠᠬᠤ ᠣᠷᠣᠨ  ᠢ ᠪᠦᠬᠦ ᠲᠠᠯ᠎ᠠ ᠪᠠᠷ ᠪᠠᠶᠢᠭᠤᠯᠬᠤ  ᠶᠢ ᠠᠬᠢᠭᠤᠯᠬᠤ ᠳᠦᠷᠢᠮ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠱᠠᠰᠢᠨ ᠰᠤᠷᠲᠠᠬᠤᠨ  ᠤ ᠬᠡᠷᠡᠭ ᠶᠠᠪᠤᠳᠠᠯ  ᠤᠨ ᠳᠦᠷᠢᠮ︾ ᠵᠡᠷᠭᠡ ᠠᠭᠤᠯᠭ᠎ᠠ  ᠶᠢ ᠤᠯᠠᠮᠵᠢᠯᠠᠨ ᠰᠤᠷᠤᠯᠴᠠᠭᠤᠯᠪᠠ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳ᠋ᠢᠩ ᠪᠥᠸᠧ᠂ ᠬᠤᠸᠠᠩ ᠮᠠᠨ ᠯᠢᠶᠠᠩ᠂ ᠯᠢ ᠹᠠᠩ᠂ ᠮᠠ ᠨᠢᠩ ᠲᠣᠰᠪᠣᠷᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠣᠨ᠎ᠠ᠂ ᠮᠥᠨᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠣᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠭᠤᠣᠯ ᠰᠢᠵᠢᠮ ᠢ ᠲᠣᠪᠤᠶᠢᠯᠭᠠᠨ᠂ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠡᠢ᠃    ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠭᠵᠢᠯᠲᠡ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号