11 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠸ᠂ ᠸᠠᠩ ᠯᠢ ᠳ᠋ᠦᠩ᠂ ᠸᠠᠩ ᠵᠢᠶᠠ ᠪᠥᠸᠧ᠂ ᠶᠤᠸᠠᠢ ᠰᠥᠩ ᠱᠠᠨ᠂ ᠳ᠋ᠢᠩ | ᠪᠥᠸᠧ᠂ ᠬᠤᠸᠠᠩ ᠮᠠᠨ ᠯᠢᠶᠠᠩ᠂ ᠯᠢ ᠹᠠᠩ᠂ ᠮᠠ ᠨᠢᠩ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠪᠤᠰᠤᠳ | ᠭᠤᠣᠯ ᠳᠤᠭᠤᠶᠢᠯᠠᠩ ᠤᠨ ᠭᠡᠰᠢᠭᠦᠳ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ | ᠬᠤᠷᠠᠯ ᠠᠴᠠ᠂ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠂ ︽ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ | ᠪᠠ ᠱᠠᠰᠢᠨ ᠰᠤᠷᠲᠠᠬᠤᠨ ᠤ ᠠᠵᠢᠯ ᠤᠨ ᠲᠤᠬᠠᠢ ᠥᠭᠦᠯᠡᠭᠰᠡᠨ ᠨᠢ︾ ᠂ ︽ᠶᠡᠷᠦᠩᠬᠡᠢ ᠱᠦᠵᠢ ᠰᠢ ᠶᠢᠨ ᠫᠢᠩ ᠤᠨ | ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ | ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠭᠤᠯᠪᠠ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳ᠋ᠢᠩ ᠪᠥᠸᠧ᠂ ᠬᠤᠸᠠᠩ ᠮᠠᠨ ᠯᠢᠶᠠᠩ᠂ ᠯᠢ ᠹᠠᠩ᠂ | ᠮᠠ ᠨᠢᠩ ᠲᠣᠰᠪᠣᠷᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ | ᠪᠣᠯᠭᠠᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ | ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠣᠨ᠎ᠠ᠂ ᠮᠥᠨᠴᠦ | ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠣᠨ᠎ᠠ᠃ ︽ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠠᠬᠢᠭᠤᠯᠬᠤ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠭᠤᠣᠯ ᠰᠢᠵᠢᠮ ᠢ ᠲᠣᠪᠤᠶᠢᠯᠭᠠᠨ᠂ ᠴᠢᠭᠯᠡᠯ ᠢ ᠪᠠᠲᠤ | ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ | ᠪᠣᠯᠭᠠᠬᠤ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠡᠩ ᠤᠯᠠᠨ | ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠭᠵᠢᠯᠲᠡ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ |