ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/6
   11 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣ ᠲᠤᠸ᠂ ᠡᠪᠯᠡᠯ ᠤᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠺᠠᠩ ᠬᠤᠩ ᠪᠥᠸᠧ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠬᠤᠷᠠᠯ ᠳᠤ ᠣᠷᠣᠯᠴᠠᠵᠠᠢ᠃     ᠶᠡᠭᠡ ᠬᠤᠷᠠᠯ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷ ᠵᠢᠪᠬᠤᠯᠠᠩᠲᠤ ᠤᠯᠤᠰ ᠤᠨ  ᠳᠠᠭᠤᠤ ᠶᠢᠨ ᠠᠶᠠᠰ ᠤᠨ ᠳᠤᠮᠳᠠ ᠡᠬᠢᠯᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠡᠭᠡ ᠬᠤᠷᠠᠯ ᠳᠤ ᠪᠠᠶᠠᠷ ᠤᠨ ᠦᠭᠡ ᠳᠡᠪᠰᠢᠭᠦᠯᠪᠡ᠃    ᠰᠦᠨ ᠱᠤ᠋ ᠲᠤᠤ ᠬᠤᠰᠢᠭᠤᠨ ᠤ ᠳᠦᠷᠪᠡᠨ ᠶᠡᠭᠡ ᠪᠠᠭ ᠤᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ ᠰᠦᠨ ᠱᠤ᠋ ᠲᠤᠤ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ  ᠠᠴᠠ ᠨᠠᠰᠢ ᠂ ᠪᠥᠬᠦ ᠬᠤᠰᠢᠭᠤᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ᠂ ᠵᠠᠯᠠᠭᠤᠴᠤᠳ ᠲᠤ ᠦᠢᠯᠡᠴᠢᠯᠡᠬᠦ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠲᠦᠮᠵᠢ ᠰᠠᠶᠢᠲᠠᠢ ᠠᠵᠢᠯ ᠬᠢᠵᠦ᠂ ᠵᠣᠬᠢᠶᠠᠨ ᠪᠠᠶᠢᠭᠤᠯᠵᠤ ᠳᠠᠶᠢᠴᠢᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠵᠠᠯᠠᠭᠤᠴᠤᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠦᠨᠡᠨᠬᠦ ᠴᠢᠬᠤᠯᠠᠴᠢᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠤᠯᠢ ᠴᠠᠭᠠᠵᠠ ᠪᠠ ᠳᠦᠷᠢᠮ ᠲᠣᠭᠲᠠᠭᠠᠯ ᠤᠨ ᠶᠣᠰᠣᠭᠠᠷ ᠪᠡᠶ᠎ᠡ ᠪᠠᠨ ᠳᠠᠭᠠᠭᠠᠵᠤ ᠡᠵᠡᠨ ᠮᠡᠳᠡᠨ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ ᠲᠡᠮᠵᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠭᠠᠭᠤᠯᠬᠤ ᠶᠢ ᠦᠨᠡᠨ ᠬᠦ ᠪᠠᠷᠢᠮᠲᠠᠯᠠᠵᠤ᠂ ᠡᠪᠯᠡᠯ ᠤᠨ ᠺᠠᠳ᠋ᠷᠴᠤᠳ ᠢ ᠬᠥᠮᠥᠵᠢᠭᠦᠯᠬᠦ ᠂ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠲᠣᠮᠢᠯᠠᠨ ᠬᠡᠷᠡᠭᠯᠡᠬᠦ᠂ ᠰᠣᠯᠢᠯᠴᠠᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠪᠯᠡᠯ ᠤᠨ ᠺᠠᠳ᠋ᠷᠴᠤᠳ ᠤᠨ ᠦᠰᠦᠨ ᠪᠣᠶᠢᠵᠢᠵᠤ ᠲᠠᠪᠰᠢᠬᠤ ᠶᠢ ᠬᠠᠯᠠᠮᠵᠢᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠥᠷᠭᠡᠨ ᠤᠯᠠᠨ ᠡᠪᠯᠡᠯ ᠤᠨ ᠺᠠᠳ᠋ᠷ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠲᠦᠷᠦᠭᠦᠯᠡᠨ ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠵᠤ᠂  ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠷᠭᠡᠨ ᠤᠯᠠᠨ ᠵᠠᠯᠠᠭᠤᠴᠤᠳ ᠨᠠᠮ ᠤᠨ ᠦᠭᠡ ᠶᠢ ᠴᠤᠴᠠᠯᠲᠠ ᠦᠭᠡᠢ ᠰᠣᠨᠣᠰᠴᠤ᠂ ᠨᠠᠮ ᠢᠶᠠᠨ ᠲᠠᠭᠠᠳᠠᠭ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠵᠣᠷᠢᠭᠲᠠᠢ ᠪᠠᠷ ᠴᠢᠷᠮᠠᠶᠢᠨ ᠠᠵᠢᠯᠯᠠᠵᠤ᠂ ᠰᠤᠷᠤᠭᠰᠠᠨ ᠢᠶᠠᠨ ᠬᠡᠷᠡᠭᠯᠡᠵᠦ᠂ ᠮᠡᠳᠡᠯᠭᠡ ᠬᠢᠬᠦᠢ ᠪᠠᠨ ᠨᠢᠭᠡᠳᠬᠡᠵᠦ᠂ ᠵᠣᠷᠢᠭᠲᠠᠢ ᠪᠠᠷ ᠬᠦᠴᠢᠷ ᠪᠡᠷᠬᠡ ᠶᠢ ᠠᠮᠰᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠵᠤ᠂ ᠦᠨᠡᠨᠬᠦ ᠪᠦᠬᠦ ᠬᠤᠰᠢᠭᠤᠨ ᠤ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠭᠠᠭᠤᠷᠢ ᠬᠦᠴᠦᠨ ᠪᠣᠯᠬᠤ ᠬᠡᠷᠡᠭᠲᠡᠢ ᠭᠡᠵᠡᠢ᠃     ᠺᠠᠩ ᠬᠤᠩ ᠪᠥᠸᠧ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ︽ᠤᠯᠤᠰ ᠲᠥᠷᠥ ᠶᠢᠨ ᠰᠤᠷᠭᠠᠭᠤᠯᠢ︾ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠢᠮᠠᠭᠲᠠ ᠪᠠᠷᠢᠮᠲᠠᠯᠠᠵᠤ᠂ ᠵᠠᠯᠠᠭᠤᠴᠤᠳ ᠤᠨ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠵᠠᠯᠠᠭᠤᠴᠤᠳ ᠢ ᠵᠣᠬᠢᠶᠠᠨ ᠪᠠᠶᠢᠭᠤᠯᠵᠤ ᠭᠠᠪᠢᠶ᠎ᠠ ᠪᠠᠶᠢᠭᠤᠯᠤᠨ ᠦᠢᠯᠡᠰ ᠪᠣᠰᠬᠠᠵᠤ᠂ ︽ᠬᠥᠭᠦᠷᠭᠡ ᠬᠤᠯᠪᠣᠭᠠᠰᠤ︾ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠡᠷᠢᠭᠦᠨ ᠤ ᠵᠣᠬᠢᠶᠠᠨ ᠪᠠᠶᠢᠭᠤᠯᠤᠯᠲᠠ︾ ᠶᠢᠨ ᠬᠠᠷᠠᠯᠲᠠ ᠴᠢᠭᠯᠡᠯ ᠤᠨ ᠲᠣᠭᠤᠷᠢᠨ ᠳᠤ᠂ ᠲᠤᠰ ᠪᠡᠶ᠎ᠡ ᠶᠢᠨ ᠳᠠᠪᠲᠠᠯᠲᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠵᠦ᠂ ᠬᠡᠬᠦᠳᠡᠭ ᠴᠡᠭᠡᠵᠢᠨ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠤᠨ ᠢᠷᠠᠭᠤ ᠭᠠᠶᠢᠬᠠᠮᠰᠢᠭᠲᠤ ᠳᠠᠭᠤᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃     ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠬᠠᠷᠢᠭᠤᠴᠠᠯᠭᠠᠲᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ᠣᠯᠠᠨ ᠲᠦᠮᠡᠨ ᠤ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠵᠡᠢ᠃     ᠬᠤᠷᠠᠯ ᠤᠨ ᠬᠤᠭᠤᠴᠠᠭᠠᠨ ᠳᠤ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨ ᠪᠦᠯᠬᠦᠮ ᠬᠤᠪᠢᠶᠠᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠢᠴᠢ ᠪᠤᠰᠤᠳ ᠬᠤᠷᠠᠯ ᠤᠨ ᠵᠦᠢᠯᠡᠰ ᠢ ᠬᠢᠨᠠᠨ ᠵᠥᠪᠯᠡᠪᠡ᠃     ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠠᠬ᠎ᠠ ᠳᠡᠭᠦᠦ ᠬᠤᠰᠢᠭᠤ ᠰᠢᠶᠠᠨ ᠬᠤᠲᠠ ᠶᠢᠨ ᠡᠪᠯᠡᠯ ᠤᠨ ᠬᠤᠷᠢᠶ᠎ᠠ ᠶᠢᠨ ᠬᠠᠷᠢᠭᠤᠴᠠᠯᠭᠠᠲᠠᠨ᠂ ᠡᠪᠯᠡᠯ ᠤᠨ ᠬᠤᠰᠢᠭᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠭᠡᠰᠢᠭᠦᠨ᠂ ᠠᠬᠠᠮᠠᠳ ᠡᠪᠯᠡᠯ ᠤᠨ ᠺᠠᠳ᠋ᠷ ᠤᠷᠢᠯᠭ᠎ᠠ ᠪᠠᠷ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号