ᠬᠦᠯᠡᠮᠵᠢ ᠠᠴᠠ ᠰᠤᠨᠤᠯᠵᠠᠭᠰᠠᠨ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2023/11/8
    ᠬᠦᠭᠡᠭᠡ ᠡᠪᠦᠯ ᠭᠠᠳᠠᠭ᠎ᠠ ᠮᠠᠰᠢ ᠬᠦᠢᠲᠡᠨ ᠪᠤᠯᠪᠠᠴᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠠᠷ ᠪᠠᠯᠭᠠᠰᠦᠨ ᠤ ᠭᠤᠸᠠᠩ ᠷᠥᠩ ᠭᠠᠴᠠᠭᠠᠨ ᠤ ᠲᠠᠷᠢᠶᠡᠴᠢᠨ ᠪᠠᠢ ᠰᠦᠢ ᠶᠢᠨ ᠲᠤᠯᠠᠭᠠᠨ ᠬᠦᠯᠡᠮᠵᠢ ᠳᠤ ᠬᠥᠬᠡ ᠨᠤᠭᠤᠭ᠎ᠠ ᠢᠭ᠌ᠴᠦ ᠰᠠᠬᠤᠯᠢᠭ ᠤᠷᠭᠤᠵᠤ᠂ ᠬᠦᠯᠡᠮᠵᠢ ᠲᠦᠭᠦᠷᠡᠩ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃   ︽ᠬᠦᠯᠡᠮᠵᠢ ᠶᠢᠨ ᠨᠤᠭᠤᠭ᠎ᠠ ᠰᠢᠨ᠎ᠡ ᠵᠢᠯ ᠬᠦᠷᠴᠦ ᠢᠷᠡᠬᠦ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠤᠨ᠎ᠠ᠃ ᠤᠳᠤ ᠦᠨᠦᠷᠲᠦ ᠨᠤᠭᠤᠭ᠎ᠠ ᠵᠢᠩ ᠪᠦᠷᠢ ᠳᠤ ᠪᠠᠨ 3 ᠲᠦᠭᠦᠷᠢᠭ ᠢ᠋ ᠲᠠᠪᠠᠵᠤ ᠂ ᠡᠨᠡ ᠬᠡᠰᠡᠭ ᠦᠨᠦᠷᠲᠦ ᠨᠤᠭᠤᠭ᠎ᠠ 3000 ᠭᠠᠷᠤᠢ ᠵᠢᠩ ᠬᠤᠷᠢᠶᠡᠵᠦ 1 ᠲᠦᠮᠡ ᠭᠠᠷᠤᠢ ᠲᠦᠭᠦᠷᠢᠭ ᠤᠨ ᠤᠷᠤᠯᠭ᠎ᠠ ᠤᠯᠤᠨ᠎ᠠ︾ ᠭᠡᠵᠦ ᠪᠠᠢ ᠰᠦᠢ ᠪᠠᠶᠠᠷᠲᠠᠶᠢᠬᠠᠨ ᠶᠠᠷᠢᠵᠦ ᠪᠠᠶᠢᠯ᠎ᠠ᠃    ᠤᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠠᠷ ᠪᠠᠯᠭᠠᠰᠦᠨ ᠤ ᠭᠤᠸᠠᠩ ᠷᠥᠩ ᠭᠠᠴᠠᠭᠠᠨ ᠤ᠋ 18 ᠲᠠᠷᠢᠶᠠᠴᠢᠨ ᠡᠷᠤᠬᠡ ᠬᠦᠯᠡᠮᠵᠢ ᠳ᠋ᠦ᠍ ᠨᠣᠭᠤᠭ᠎ᠠ ᠲᠠᠷᠢᠵᠤ ᠂ ᠪᠦᠬᠦ ᠭᠠᠴᠠᠭ᠎ᠠ ᠪᠡᠷ ᠢ᠋ᠶ᠋ᠡᠨ 70 ᠲᠤᠯᠠᠭᠠᠨ ᠬᠦᠯᠡᠮᠵᠢ ᠲᠠᠢ᠂ ᠲᠠᠷᠢᠶᠠᠨ ᠠᠵᠢᠯ ᠢ᠋ᠶ᠋ᠠᠨ ᠲᠠᠭᠤᠰᠬᠠᠨᠰᠡᠨ ᠲᠠᠷᠢᠶᠠᠴᠢᠳ ᠬᠦᠯᠡᠮᠵᠢ ᠳᠤ ᠬᠦᠯᠦᠰᠦᠨ ᠠᠵᠢᠯ ᠬᠢᠵᠦ ᠡᠳᠦᠷ ᠲᠤ 100 ᠭᠠᠷᠤᠢ ᠲᠦᠭᠦᠷᠢᠭ  ᠤᠨ ᠤᠷᠤᠯᠭ᠎ᠠ ᠤᠯᠵᠦ ᠪᠠᠶᠢᠨ᠎ᠠ᠃   ᠤᠷᠴᠢᠮ ᠤᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶ᠋ᠢ ᠦᠨᠳᠤᠰᠦᠯᠡᠨ᠂ ᠲᠦᠬᠦᠭᠡᠷᠦᠮᠵᠢᠲᠦ ᠲᠠᠷᠢᠶᠡᠯᠡᠩ ᠢ ᠶᠡᠭᠡ  ᠪᠠᠷ ᠬᠦᠭᠵᠢᠭᠦᠯᠦᠨ ᠨᠡᠢᠲᠡ 1690 ᠲᠤᠯᠠᠭᠠᠨ ᠬᠦᠯᠡᠮᠵᠢ ᠪᠠᠶᠢᠭᠤᠯᠵᠦ᠂ ᠲᠤᠯᠠᠭᠠᠨ ᠬᠦᠯᠡᠮᠵᠢ ᠶ᠋ᠢᠨ ᠶᠡᠷᠤᠩᠬᠡᠢ ᠲᠠᠯᠠᠪᠠᠢ ᠨᠢ 2190 ᠭᠠᠷᠤᠢ ᠮᠦ ᠳ᠋ᠦ᠍ ᠬᠦᠷᠴᠦ᠂ ᠤᠨᠴᠠᠯᠢᠭᠲᠤ ᠠᠵᠦ ᠦᠢᠯᠡᠰ ᠢᠶᠠᠷ ᠤᠯᠡᠨ ᠲᠦᠮᠡᠨ ᠦ᠌ ᠣᠷᠤᠯᠭ᠎ᠠ ᠶ᠋ᠢᠨ ᠨᠡᠮᠡᠭᠳᠡᠯ ᠢ᠋ ᠠᠬᠢᠭᠤᠯᠵᠤ ᠪᠠᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号