ᠬᠢᠩᠭᠠᠨ ᠠᠶᠢᠮᠠᠭ ᠤᠨ ᠵᠠᠬᠢᠷᠭ᠎ᠠ᠄ | ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠴᠠᠷᠠᠰᠤᠨ ᠤᠰᠤᠨ ᠴᠥᠭᠦᠷᠥᠮ ᠤᠨ ᠤᠷᠤᠰᠬᠠᠯ ᠤᠨ ᠣᠷᠣᠨ ᠤ ᠵᠣᠬᠢᠶᠠᠮᠠᠯ ᠨᠤᠭᠤ ᠭᠠᠵᠠᠷ ᠤᠨ ᠤᠰᠤᠨ ᠤ ᠴᠢᠨᠠᠷ ᠢ | ᠴᠡᠪᠡᠷᠰᠢᠭᠦᠯᠬᠦ ᠢᠨᠵᠧᠨᠧᠷᠢᠩ ︵ᠳᠣᠷᠣᠭᠰᠢ ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠭᠡᠵᠦ ᠲᠣᠪᠴᠢᠯᠠᠨ᠎ᠠ︶ ᠤᠨ | ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠣᠳᠣᠷᠬᠠᠶᠢᠯᠠᠶ᠎ᠠ᠄ | ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ | ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ | ᠤᠰᠤᠨ ᠴᠥᠭᠦᠷᠥᠮ ᠤᠨ ᠤᠷᠤᠰᠬᠠᠯ ᠳᠤ ᠣᠷᠣᠬᠤ ᠣᠷᠣᠨ ᠤ ᠵᠣᠬᠢᠶᠠᠮᠠᠯ ᠨᠤᠭᠤ ᠭᠠᠵᠠᠷ ᠤᠨ ᠤᠰᠤᠨ ᠤ ᠴᠢᠨᠠᠷ ᠢ | ᠴᠡᠪᠡᠷᠰᠢᠭᠦᠯᠬᠦ ᠢᠨᠵᠧᠨᠧᠷᠢᠩ᠃ | ︵ᠬᠤᠶᠠᠷ︶ ᠡᠮᠦᠨᠡᠬᠢ ᠬᠤᠭᠤᠴᠠᠭᠠᠨ ᠤ ᠪᠠᠶᠢᠳᠠᠯ᠄ ᠲᠥᠷᠥᠯ ᠵᠦᠢᠯ ᠤᠨ ᠰᠤᠳᠤᠯᠭᠠᠨ ᠤ ᠮᠡᠳᠡᠭᠦᠯᠦᠯᠲᠡ ᠶᠢ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ | ᠠᠴᠠ ᠥᠪᠥᠷ ᠮᠣᠩᠭᠤᠯ ᠤᠨ ᠰᠢᠨ ᠴᠤᠸᠠᠩ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠢᠵᠠᠭᠠᠷᠲᠤ | ᠺᠣᠮᠫᠠᠨᠢ ᠳᠤ ᠨᠠᠶᠢᠳᠠᠵᠤ 2018 ᠣᠨ ᠤ 3 ᠰᠠᠷ᠎ᠠ ᠳᠤ ᠨᠠᠶᠢᠷᠠᠭᠤᠯᠤᠨ ᠵᠣᠬᠢᠶᠠᠵᠤ᠂ 2018 ᠣᠨ ᠤ 3 | ᠰᠠᠷ᠎ᠠ ᠶᠢᠨ 9 ᠤ ᠡᠳᠦᠷ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ ᠶᠢ ᠣᠯᠪᠠ᠃ | ︵ᠭᠤᠷᠪᠠ︶ ᠳᠠᠭᠠᠭᠠᠨ ᠠᠪᠤᠭᠰᠠᠨ ᠨᠢᠭᠡᠴᠡ᠄ ᠴᠠᠷᠠᠰᠤᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠵᠢᠴᠢ ᠲᠥᠷᠥᠯ | ᠵᠦᠢᠯ ᠢ ᠬᠥᠮᠥᠷᠭᠡ ᠳᠤ ᠣᠷᠣᠭᠤᠯᠬᠤ ᠪᠠᠷ ᠮᠡᠳᠡᠭᠦᠯᠦᠭᠰᠡᠨ ᠪᠢᠴᠢᠭ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠡ ᠪᠣᠯ ᠴᠥᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠴᠢᠶ᠎ᠠ ᠪᠣᠯᠣᠨ᠎ᠠ᠂ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ ᠴᠠᠷᠰᠤᠨ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠪᠣᠯᠭᠠᠨ ᠬᠤᠪᠢᠷᠠᠭᠤᠯᠬᠤ ᠪᠠᠷ ᠭᠤᠶᠤᠴᠢᠯᠠᠨ᠎ᠠ︶᠃ | ︵ᠳᠥᠷᠪᠡ︶ ᠪᠦᠲᠦᠭᠡᠨ ᠪᠠᠶᠢᠭᠤᠯᠬᠤ ᠠᠭᠤᠯᠭ᠎ᠠ᠄ | 1. ᠭᠤᠣᠯ ᠤᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ᠄ ᠥᠭᠡᠷᠡᠴᠢᠯᠡᠨ ᠵᠠᠰᠠᠬᠤ ᠪᠠᠷᠠᠭᠤᠨ ᠣᠷᠣᠬᠤ | ᠠᠮᠠᠰᠠᠷ ᠢ ᠵᠠᠰᠠᠬᠤ ᠬᠡᠰᠡᠭ ᠤᠨ ᠭᠤᠣᠯ ᠤᠨ ᠵᠠᠮ ᠢ 6075 ᠮᠧᠲᠷ ᠪᠣᠯᠲᠠᠯ᠎ᠠ ᠨᠡᠮᠡᠭᠳᠡᠭᠦᠯᠵᠦ᠂ ᠭᠤᠣᠯ ᠤᠨ ᠵᠠᠮ ᠤᠨ | ᠥᠷᠭᠡᠨ ᠢ ᠴᠥᠮ 35 ᠮᠧᠲᠷ᠂ ᠭᠤᠣᠯ ᠤᠨ ᠵᠠᠮ ᠤᠨ ᠭᠦᠨ ᠢ 1 ᠮᠧᠲᠷ ᠪᠣᠯᠭᠠᠨ᠎ᠠ︔ ᠵᠡᠭᠦᠨ ᠣᠷᠣᠬᠤ ᠠᠮᠠᠰᠠᠷ ᠢ | ᠵᠠᠰᠠᠵᠤ ᠥᠭᠡᠷᠡᠴᠢᠯᠡᠬᠦ ᠬᠡᠰᠡᠭ ᠤᠨ ᠭᠤᠣᠯ ᠤᠨ ᠵᠠᠮ ᠢ 5400 ᠮᠧᠲᠷ ᠪᠣᠯᠭᠠᠨ ᠨᠡᠮᠡᠭᠳᠡᠭᠦᠯᠵᠦ᠂ ᠭᠤᠣᠯ ᠤᠨ | ᠵᠠᠮ ᠤᠨ ᠥᠷᠭᠡᠨ ᠢ ᠴᠥᠮ 20 ᠮᠧᠲᠷ᠂ ᠭᠤᠣᠯ ᠤᠨ ᠵᠠᠮ ᠤᠨ ᠭᠦᠨ ᠢ 1 ᠮᠧᠲᠷ ᠪᠣᠯᠭᠠᠨ᠎ᠠ᠃ | 2. ᠬᠠᠵᠠᠭᠤ ᠶᠢᠨ ᠬᠥᠲᠥᠯ ᠢ ᠰᠤᠪᠢᠯᠠᠬᠤ ᠢᠨᠵᠧᠨᠧᠷᠢᠩ᠄ ᠥᠭᠡᠷᠡᠴᠢᠯᠡᠭᠰᠡᠨ ᠤ ᠳᠠᠷᠠᠭᠠᠬᠢ ᠭᠤᠣᠯ ᠤᠨ ᠵᠠᠮ ᠤᠨ | ᠬᠠᠵᠠᠭᠤ ᠶᠢᠨ ᠬᠥᠲᠥᠯ ᠳᠤ ᠵᠥᠭᠡᠯᠡᠨ ᠴᠢᠨᠠᠷᠲᠠᠢ ᠠᠮᠢ ᠠᠬᠤᠢ ᠶᠢᠨ ᠬᠠᠮᠠᠭᠠᠯᠠᠯᠲᠠ ᠶᠢᠨ ᠬᠥᠲᠥᠯ ᠢ ᠬᠡᠷᠡᠭᠯᠡᠵᠦ᠂ | ᠬᠠᠵᠠᠭᠤ ᠶᠢᠨ ᠬᠥᠲᠥᠯ ᠤᠨ ᠥᠨᠴᠥᠭ ᠲᠤ 50 ᠭᠷᠡᠳᠦ᠋ᠰ᠂ ᠤᠰᠤ ᠤᠭᠲᠤᠬᠤ ᠬᠠᠵᠠᠭᠤ ᠶᠢᠨ ᠬᠥᠲᠥᠯ ᠤᠨ | ᠤᠰᠤᠨ ᠤ ᠨᠢᠭᠤᠷ ᠤᠨ ᠳᠣᠣᠷ᠎ᠠ ᠵᠣᠬᠢᠬᠤ ᠬᠡᠮᠵᠢᠶᠡᠨ ᠤ ᠴᠢᠯᠠᠭᠤᠨ ᠰᠢᠩᠭᠡᠯᠢᠭ ᠤᠨ ᠲᠣᠣᠷ ᠲᠠᠯᠪᠢᠵᠤ᠂ ᠴᠢᠯᠠᠭᠤᠨ | ᠰᠢᠩᠭᠡᠯᠢᠭ ᠤᠨ ᠲᠣᠣᠷ ᠪᠠᠶᠢᠷᠢᠯᠠᠭᠤᠯᠤᠭᠰᠠᠨ ᠬᠠᠵᠠᠭᠤ ᠶᠢᠨ ᠬᠥᠲᠥᠯ ᠤᠨ ᠣᠷᠳᠣ ᠨᠢ ᠪᠠᠷᠤᠭ 2000 ᠮᠧᠲᠷ | ᠪᠣᠯᠣᠨ᠎ᠠ᠃ | 3. ᠬᠤᠭ ᠨᠣᠪᠰᠢ ᠴᠡᠪᠡᠷᠯᠡᠬᠦ ᠢᠨᠵᠧᠨᠧᠷᠢᠩ᠄ ᠮᠠᠰᠢᠨ ᠪᠠ ᠬᠥᠮᠥᠨ ᠤ ᠬᠦᠴᠦ ᠶᠢ ᠬᠠᠷᠢᠯᠴᠠᠨ ᠤᠶᠠᠯᠳᠤᠭᠤᠯᠬᠤ | ᠠᠷᠭ᠎ᠠ ᠢ ᠠᠪᠴᠤ ᠪᠠᠶᠢᠭᠠᠳ ᠭᠤᠣᠯ ᠤᠨ ᠵᠠᠮ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠬᠠᠶᠠᠬᠤ ᠦᠵᠡᠭᠳᠡᠯ ᠢ ᠵᠠᠰᠠᠵᠤ᠂ ᠬᠤᠭ ᠨᠣᠪᠰᠢ ᠶᠢ ᠴᠡᠪᠡᠷᠯᠡᠭᠰᠡᠨ ᠬᠡᠮᠵᠢᠶ᠎ᠡ ᠨᠢ 22950 | ᠪᠣᠰᠤᠭ᠎ᠠ ᠳᠥᠷᠪᠡᠯᠵᠢᠨ ᠮᠧᠲᠷ ᠪᠣᠯᠣᠨ᠎ᠠ᠃ | 4. ᠡᠯᠡᠰᠦ ᠬᠠᠰᠢᠬᠤ ᠬᠠᠰᠢᠯᠭ᠎ᠠ ᠶᠢᠨ ᠢᠨᠵᠧᠨᠧᠷᠢᠩ᠄ ᠪᠠᠷᠠᠭᠤᠨ ᠣᠷᠣᠬᠤ ᠠᠮᠠᠰᠠᠷ ᠤᠨ ᠱᠠᠯᠠᠭᠠᠨ ᠭᠠᠴᠠᠭ᠎ᠠ ᠶᠢᠨ | ᠪᠠᠷᠠᠭᠤᠨ ᠲᠠᠯ᠎ᠠ ᠶᠢᠨ ᠭᠤᠣᠯ ᠤᠨ ᠬᠡᠰᠡᠭ ᠪᠣᠯᠣᠨ ᠵᠡᠭᠦᠨ ᠣᠷᠣᠬᠤ ᠠᠮᠠᠰᠠᠷ ᠤᠨ ᠲᠠᠪᠤᠨ ᠰᠠᠭᠤᠷᠢ ᠮᠣᠳᠣᠨ ᠤ | ᠵᠡᠭᠦᠨ ᠲᠠᠯ᠎ᠠ ᠶᠢᠨ ᠭᠤᠣᠯ ᠤᠨ ᠬᠡᠰᠡᠭ ᠲᠤ ᠲᠤᠰ ᠲᠤᠰ ᠨᠢᠭᠡ ᠡᠯᠡᠰᠦ ᠬᠠᠰᠢᠬᠤ ᠬᠠᠰᠢᠯᠭ᠎ᠠ ᠪᠠᠶᠢᠭᠤᠯᠵᠤ᠂ ᠭᠤᠣᠯ | ᠳᠤ ᠴᠢᠳᠬᠤᠬᠤ ᠡᠯᠡᠰᠦ ᠰᠢᠪᠠᠷ ᠤᠨ ᠲᠤᠨᠤᠮᠠᠯ ᠤᠨ ᠠᠰᠠᠭᠤᠳᠠᠯᠢ ᠨᠠᠮᠳᠠᠭᠤᠯᠤᠨ᠂ ᠬᠠᠰᠢᠯᠭ᠎ᠠ ᠶᠢᠨ ᠪᠡᠶ᠎ᠡ ᠶᠢ | ᠴᠢᠯᠠᠭᠤ ᠵᠡᠷᠭᠡᠯᠡᠬᠦ ᠪᠦᠲᠦᠴᠡ ᠪᠠᠷ ᠪᠠᠷᠢᠵᠤ᠂ ᠶᠡᠷᠦᠩᠬᠡᠢ ᠤᠷᠳᠤ ᠶᠢᠨ ᠬᠡᠮᠵᠢᠶ᠎ᠡ ᠨᠢ 84 ᠮᠧᠲᠷ᠃ | 5.ᠠᠮᠢᠳᠤ ᠪᠣᠳᠠᠰ ᠴᠡᠪᠡᠷᠰᠢᠭᠦᠯᠬᠦ ᠴᠥᠭᠦᠷᠥᠮ ᠤᠨ ᠪᠦᠲᠦᠭᠡᠨ ᠪᠠᠶᠢᠭᠤᠯᠤᠯᠲᠠ᠄ ᠵᠡᠭᠦᠨ ᠣᠷᠣᠬᠤ ᠠᠮᠠᠰᠠᠷ ᠪᠠ | ᠪᠠᠷᠠᠭᠤᠨ ᠣᠷᠣᠬᠤ ᠠᠮᠠᠰᠠᠷ ᠤᠨ ᠵᠠᠰᠠᠬᠤ ᠭᠤᠣᠯ ᠤᠨ ᠬᠡᠰᠡᠭ ᠤᠨ ᠳᠣᠲᠣᠷᠠᠬᠢ ᠳᠡᠭᠡᠳᠦ ᠤᠷᠤᠰᠬᠠᠯ ᠤᠨ ᠭᠤᠣᠯ | ᠤᠨ ᠵᠠᠮ ᠤᠨ ᠤᠷᠤᠰᠤᠨ ᠥᠩᠭᠡᠷᠡᠬᠦ ᠣᠷᠣᠨ ᠳᠤ ᠲᠤᠰ ᠲᠤᠰ ᠨᠢᠭᠡ ᠠᠮᠢᠳᠤ ᠪᠣᠳᠠᠰ ᠴᠡᠪᠡᠷᠰᠢᠭᠦᠯᠬᠦ ᠴᠥᠭᠦᠷᠥᠮ | ᠪᠠᠶᠢᠭᠤᠯᠵᠤ᠂ ᠪᠠᠷᠠᠭᠤᠨ ᠣᠷᠣᠬᠤ ᠠᠮᠠᠰᠠᠷ ᠤᠨ ᠭᠤᠣᠯ ᠤᠨ ᠬᠡᠰᠡᠭ ᠤᠨ ᠨᠠᠭᠤᠷ ᠤᠨ ᠲᠠᠯᠠᠪᠠᠢ ᠨᠢ 41200 | ᠲᠡᠭᠰᠢ ᠳᠥᠷᠪᠡᠯᠵᠢᠨ ᠮᠧᠲᠷ ᠪᠠᠶᠢᠵᠤ᠂ ᠵᠡᠭᠦᠨ ᠣᠷᠣᠬᠤ ᠠᠮᠠᠰᠠᠷ ᠤᠨ ᠭᠤᠣᠯ ᠤᠨ ᠬᠡᠰᠡᠭ ᠤᠨ ᠨᠠᠭᠤᠷ ᠤᠨ | ᠲᠠᠯᠠᠪᠠᠢ ᠨᠢ ᠪᠠᠷᠤᠭ 11450 ᠮᠧᠲᠷ ᠪᠣᠯᠣᠨ᠎ᠠ᠃ ᠨᠠᠭᠤᠷ ᠤᠨ ᠡᠷᠭᠢ ᠳᠤ ᠵᠥᠭᠡᠯᠡᠨ ᠠᠮᠢ ᠠᠬᠤᠢ ᠶᠢᠨ | ᠬᠠᠮᠠᠭᠠᠯᠠᠯᠲᠠ ᠶᠢᠨ ᠬᠥᠲᠥᠯ ᠢ ᠬᠡᠷᠡᠭᠯᠡᠵᠦ᠂ ᠨᠠᠭᠤᠷ ᠤᠨ ᠤᠰᠤ ᠤᠭᠲᠤᠬᠤ ᠬᠠᠵᠠᠭᠤ ᠶᠢᠨ ᠤᠰᠤᠨ ᠳᠣᠣᠷ᠎ᠠ | ᠴᠢᠯᠠᠭᠤᠨ ᠰᠢᠩᠭᠡᠯᠢᠭ ᠤᠨ ᠲᠣᠣᠷ ᠢ ᠳᠡᠪᠢᠰᠦᠨ᠎ᠡ᠃ | 6. ᠥᠩᠭᠡᠨ ᠲᠠᠯ᠎ᠠ ᠶᠢᠨ ᠤᠷᠤᠰᠬᠠᠯ ᠤᠨ ᠵᠣᠬᠢᠶᠠᠮᠠᠯ ᠨᠣᠶᠢᠲᠠᠨ ᠭᠠᠵᠠᠷ᠄ ᠵᠡᠭᠦᠨ ᠣᠷᠣᠬᠤ ᠠᠮᠠᠰᠠᠷ ᠪᠠ | ᠪᠠᠷᠠᠭᠤᠨ ᠣᠷᠣᠬᠤ ᠠᠮᠠᠰᠠᠷ ᠤᠨ ᠠᠮᠢ ᠠᠬᠤᠢ ᠶᠢ ᠴᠡᠪᠡᠷᠰᠢᠭᠦᠯᠬᠦ ᠴᠥᠭᠦᠷᠥᠮ ᠤᠨ ᠳᠣᠣᠷᠠᠳᠤ ᠤᠷᠤᠰᠬᠠᠯ ᠳᠤ ᠲᠣᠰ | ᠲᠣᠰ ᠨᠢᠭᠡ ᠰᠠᠭᠤᠷᠢ ᠥᠩᠭᠡᠨ ᠲᠠᠯ᠎ᠠ ᠶᠢᠨ ᠤᠷᠤᠰᠬᠠᠯ ᠤᠨ ᠵᠣᠬᠢᠶᠠᠮᠠᠯ ᠨᠣᠶᠢᠲᠠᠨ ᠭᠠᠵᠠᠷ ᠲᠣᠬᠢᠷᠠᠭᠤᠯᠤᠨ᠎ᠠ᠂ | ᠡᠭᠦᠨ ᠳᠤ ᠪᠠᠷᠠᠭᠤᠨ ᠣᠷᠣᠬᠤ ᠠᠮᠠᠰᠠᠷ ᠤᠨ ᠵᠣᠬᠢᠶᠠᠮᠠᠯ ᠨᠣᠶᠢᠲᠠᠨ ᠭᠠᠵᠠᠷ ᠤᠨ ᠲᠠᠯᠠᠪᠠᠶ ᠨᠢ 40 ᠾᠧᠺᠲ᠋ᠠᠷ᠂ ᠵᠡᠭᠦᠨ | ᠣᠷᠣᠬᠤ ᠠᠮᠠᠰᠠᠷ ᠤᠨ ᠭᠤᠣᠯ ᠤᠨ ᠬᠡᠰᠡᠭ ᠤᠨ ᠨᠠᠭᠤᠷ ᠤᠨ ᠲᠠᠯᠠᠪᠠᠶ ᠨᠢ ᠪᠠᠷᠤᠭ 11 ᠾᠧᠺᠲ᠋ᠠᠷ ᠪᠣᠯᠣᠨ᠎ᠠ᠃ | ︵ᠲᠠᠪᠤ︶ ᠪᠡᠯᠡ ᠮᠥᠩᠭᠦ ᠶᠢᠨ ᠪᠦᠷᠢᠯᠳᠦᠯ᠄ ᠶᠡᠷᠦᠩᠬᠡᠢ ᠪᠡᠯᠡ ᠣᠷᠣᠭᠤᠯᠤᠯᠲᠠ ᠨᠢ 5828.48 ᠲᠦᠮᠡᠨ | ᠲᠥᠭᠦᠷᠢᠭ ᠪᠠᠶᠢᠵᠤ᠂ ᠵᠢᠯ ᠬᠤᠪᠢᠶᠠᠨ 4523.82 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ | ᠭᠤᠶᠤᠴᠢᠯᠠᠬᠤ ᠪᠠᠷ ᠲᠥᠯᠥᠪᠯᠡᠵᠦ᠂ ᠦᠯᠡᠳᠡᠭᠰᠡᠨ 1304.66 ᠶᠢ ᠵᠠᠰᠠᠭ ᠤᠨ ᠣᠷᠳᠣᠨ ᠤ ᠪᠡᠯᠡ ᠮᠥᠩᠭᠦ ᠪᠠᠷ | ᠢᠵᠢ ᠪᠦᠷᠢᠳᠦᠭᠦᠯᠦᠨ᠎ᠡ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ᠄ 2018 ᠣᠨ ᠤ 3 ᠰᠠᠷ᠎ᠠ ︱ | 2019 ᠣᠨ ᠤ 12 ᠰᠠᠷ᠎ᠠ᠃ | ᠬᠤᠶᠠᠷ᠂ ᠲᠥᠷᠥᠯ ᠵᠦᠢᠯ ᠢ ᠬᠥᠮᠥᠷᠭᠡ ᠳᠤ ᠣᠷᠣᠭᠤᠯᠤᠭᠰᠠᠨ ᠵᠢᠴᠢ ᠲᠤᠰᠬᠠᠢ ᠵᠦᠢᠯ ᠤᠨ ᠪᠡᠯᠡ ᠮᠥᠩᠭᠦ | ᠣᠯᠣᠭᠰᠠᠨ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ 2019 ᠣᠨ ᠤ 12 | ᠰᠠᠷ᠎ᠠ ᠶᠢᠨ 16 ᠤ ᠡᠳᠦᠷ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠠᠶᠢᠮᠠᠭ ᠤᠨ | ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠬᠢᠩᠭᠠᠨ ᠠᠶᠢᠮᠠᠭ ᠤᠨ 2020 ᠣᠨ ᠤ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠨᠥᠭᠡᠴᠡ | ᠬᠥᠮᠥᠷᠭᠡ ᠶᠢᠨ ᠲᠥᠷᠥᠯ ᠵᠦᠢᠯ ᠢ ᠳᠡᠭᠡᠭᠰᠢ ᠮᠡᠳᠡᠭᠦᠯᠬᠦ ᠲᠤᠬᠠᠢ ᠮᠡᠳᠡᠭᠦᠯᠦᠯᠲᠡ︾ ᠶᠢ ᠳᠠᠷᠤᠮᠠᠯᠯᠠᠨ ᠲᠠᠷᠬᠠᠭᠠᠵᠤ᠂ | ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠨᠢ ᠲᠣᠰ ᠤᠳᠠᠭ᠎ᠠ ᠳᠡᠭᠡᠭᠰᠢ ᠮᠡᠳᠡᠭᠦᠯᠦᠭᠰᠡᠨ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠲᠥᠷᠥᠯ ᠵᠦᠢᠯ ᠤᠨ ᠨᠢᠭᠡ ᠪᠣᠯᠣᠨ᠎ᠠ᠃ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ | ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠵᠤ᠂ 2020 | ᠣᠨ ᠳᠤ ᠲᠥᠪ ᠤᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠤᠨ᠎ᠠ᠃ | ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠢ ᠬᠥᠮᠥᠷᠭᠡ ᠳᠤ ᠣᠷᠣᠭᠤᠯᠬᠤ ᠳᠤ ᠣᠨ ᠬᠤᠪᠢᠶᠠᠨ ᠲᠤᠰᠬᠠᠢ | ᠪᠡᠯᠡ ᠮᠥᠩᠭᠦ ᠭᠤᠶᠤᠴᠢᠯᠠᠬᠤ ᠠᠷᠭ᠎ᠠ ᠶᠢ ᠬᠡᠷᠡᠭᠯᠡᠵᠦ᠂ ᠣᠳᠣᠬᠠᠨ ᠳᠤ ᠨᠢᠭᠡᠨᠲᠡ 2020 ᠣᠨ ᠤ ᠬᠤᠶᠠᠳᠤᠭᠠᠷ | ᠪᠦᠯᠦᠭ ᠤᠨ ᠲᠥᠪ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠪᠡᠯᠡ ᠮᠥᠩᠭᠦ ᠶᠢ 825 ᠲᠦᠮᠡᠨ | ᠲᠥᠭᠦᠷᠢᠭ ︵ᠥᠪᠡᠷᠲᠡᠭᠡᠨ ᠵᠠᠰᠠᠬᠤ ᠣᠷᠣᠨ ᠤ 2020 ᠣᠨ ᠤ 9 ᠰᠠᠷ᠎ᠠ ᠶᠢᠨ 30 ᠤ ᠡᠳᠦᠷ ᠪᠠᠭᠤᠯᠭᠠᠵᠤ᠂ | ᠠᠶᠢᠮᠠᠭ ᠤᠨ ᠡᠳ᠋ ᠤᠨ ᠵᠠᠰᠠᠭ ᠤᠨ 2020 ᠣᠨ ᠤ 10 ᠰᠠᠷ᠎ᠠ ᠶᠢᠨ 20 ᠤ ᠡᠳᠦᠷ ᠪᠠᠭᠤᠯᠭᠠᠪᠠ︶᠂ 2021 | ᠣᠨ ᠤ ᠨᠢᠭᠡᠳᠦᠭᠡᠷ ᠪᠦᠯᠦᠭ ᠤᠨ ᠲᠥᠪ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠪᠡᠯᠡ | ᠮᠥᠩᠭᠦ ᠶᠢ 2959 ᠲᠦᠮᠡᠨ ᠲᠥᠭᠦᠷᠢᠭ ︵ᠥᠪᠡᠷᠲᠡᠭᠡᠨ ᠵᠠᠰᠠᠬᠤ ᠣᠷᠣᠨ ᠤ 2020 ᠣᠨ ᠤ 12 ᠳ᠋ᠤᠭᠠᠷ | ᠰᠠᠷ᠎ᠠ ᠶᠢᠨ 24 ᠤ ᠡᠳᠦᠷ ᠪᠠᠭᠤᠯᠭᠠᠵᠤ᠂ ᠠᠶᠢᠮᠠᠭ ᠤᠨ ᠡᠳ᠋ ᠤᠨ ᠵᠠᠰᠠᠭ ᠤᠨ 2021 ᠣᠨ ᠤ 12 ᠳ᠋ᠤᠭᠠᠷ | ᠰᠠᠷ᠎ᠠ ᠶᠢᠨ 7 ᠤ ᠡᠳᠦᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠪᠠᠭᠤᠯᠭᠠᠪᠠ︶ ᠣᠯᠵᠤ᠂ ᠨᠡᠶᠢᠲᠡ 3784 | ᠲᠦᠮᠡᠨ ᠲᠥᠭᠦᠷᠢᠭ ᠣᠯᠣᠭᠰᠠᠨ ᠪᠠᠶᠢᠨ᠎ᠠ᠃ | ᠭᠤᠷᠪᠠ᠂ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ | ︵ᠨᠢᠭᠡ︶ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ ᠶᠢ | ᠨᠢᠭᠡ ᠴᠣᠭᠴᠠᠵᠢᠭᠤᠯᠬᠤ ᠶᠡᠷᠦᠩᠬᠡᠢ ᠳᠠᠭᠠᠭᠠᠴᠢᠯᠠᠯᠲᠠ ︵EPC︶ ᠶᠢᠨ ᠬᠡᠯᠪᠡᠷᠢ ᠪᠠᠷ ᠳᠠᠭᠠᠭᠠᠴᠢᠯᠠᠯᠲᠠ ᠵᠠᠷᠯᠠᠵᠤ᠂ | 2021 ᠣᠨ ᠤ 5 ᠰᠠᠷ᠎ᠠ ᠶᠢᠨ 27 ᠤ ᠡᠳᠦᠷ ᠳᠠᠭᠠᠭᠠᠴᠢᠯᠠᠯᠲᠠ ᠵᠠᠷᠯᠠᠵᠤ᠂ ᠳᠠᠭᠠᠭᠠᠴᠢᠯᠠᠯᠲᠠ ᠣᠯᠣᠭᠰᠠᠨ ᠨᠢᠭᠡᠴᠡ | ᠨᠢ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ | ᠬᠤᠯᠪᠣᠭᠠᠲᠤ ᠴᠣᠭᠴᠠ ᠶᠢᠨ ᠪᠦᠷᠢᠯᠳᠦᠭᠦᠨ᠄ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ︶ ᠪᠠᠶᠢᠵᠤ᠂ ᠳᠠᠭᠠᠭᠠᠴᠢᠯᠠᠯᠲᠠ ᠣᠯᠣᠭᠰᠠᠨ ᠦᠨ᠎ᠡ ᠨᠢ | 2324.56 ᠲᠦᠮᠡᠨ ᠲᠥᠭᠦᠷᠢᠭ ᠪᠣᠯᠣᠨ᠎ᠠ᠃ 2021 ᠣᠨ ᠤ 7 ᠰᠠᠷ᠎ᠠ ᠶᠢᠨ 27 ᠤ ᠡᠳᠦᠷ᠂ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠥᠯ ᠤᠨ ᠲᠤᠰᠬᠠᠢ | ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠶᠢ ᠪᠡᠶᠡᠯᠡᠭᠦᠯᠵᠦ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠨᠢ ᠪᠠᠷᠠᠭᠤᠨ ᠣᠷᠣᠬᠤ ᠭᠠᠵᠠᠷ ᠤᠨ ᠵᠣᠬᠢᠶᠠᠮᠠᠯ ᠴᠢᠭᠢᠭᠯᠢᠭ ᠭᠠᠵᠠᠷ ᠪᠠ ᠥᠨᠳᠥᠷ ᠪᠦᠲᠦᠮᠵᠢᠲᠡᠶ ᠠᠮᠢᠳᠤ | ᠪᠣᠳᠠᠰ ᠤᠨ ᠱᠦᠭᠦᠬᠦ ᠲᠠᠲᠠᠭᠠᠯ ᠪᠣᠯᠣᠨ᠎ᠠ᠃ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ 2021 ᠣᠨ ᠤ 8 | ᠰᠠᠷ᠎ᠠ ᠳᠤ ᠡᠬᠢᠯᠡᠨ ᠪᠠᠶᠢᠭᠤᠯᠵᠤ᠂ 2022 ᠣᠨ ᠤ 10 ᠰᠠᠷ᠎ᠠ ᠳᠤ ᠢᠨᠵᠧᠨᠧᠷᠢᠩ ᠢ ᠰᠢᠯᠭᠠᠨ ᠠᠪᠬᠤ ᠠᠵᠢᠯ ᠢ | ᠳᠠᠭᠤᠰᠬᠠᠵᠤ᠂ 1525 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠥᠭᠪᠡ᠃ | ︵ᠬᠤᠶᠠᠷ︶ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ EPC ᠬᠡᠯᠪᠡᠷᠢ ᠪᠠᠷ ᠳᠠᠭᠠᠭᠠᠴᠢᠯᠠᠯᠲᠠ ᠵᠠᠷᠯᠠᠵᠤ᠂ 2022 | ᠣᠨ ᠤ 4 ᠰᠠᠷ᠎ᠠ ᠶᠢᠨ 25 ᠤ ᠡᠳᠦᠷ ᠳᠠᠭᠠᠭᠠᠴᠢᠯᠠᠯᠲᠠ ᠵᠠᠷᠯᠠᠪᠠ᠂ ᠳᠠᠭᠠᠭᠠᠴᠢᠯᠠᠯᠲᠠ ᠣᠯᠣᠭᠰᠠᠨ ᠨᠢᠭᠡᠴᠡ ᠨᠢ | ᠰᠦᠵᠧᠦ ᠶᠢᠨ ᠵᠥᠩ ᠾᠧᠩ ᠲᠦᠩ ᠳ᠋ᠣᠣ ᠴᠢᠶᠣᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠬᠤᠯᠪᠣᠭᠠᠲᠤ | ᠴᠣᠭᠴᠠ ᠶᠢᠨ ᠪᠦᠷᠢᠯᠳᠦᠭᠦᠨ᠄ ᠷᠦᠩ ᠶᠣᠣ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ︶ ᠪᠠᠶᠢᠵᠤ᠂ ᠳᠠᠭᠠᠭᠠᠴᠢᠯᠠᠯᠲᠠ ᠣᠯᠣᠭᠰᠠᠨ ᠦᠨ᠎ᠡ ᠨᠢ 1458.9 ᠲᠦᠮᠡᠨ | ᠲᠥᠭᠦᠷᠢᠭ ᠪᠣᠯᠣᠨ᠎ᠠ᠃ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠥᠯ ᠤᠨ | ᠨᠢᠭᠡᠳᠦᠭᠡᠷ ᠤᠳᠠᠭᠠᠨ ᠤ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠦᠭᠡᠢ᠂ | 2023 ᠣᠨ ᠤ 8 ᠰᠠᠷ᠎ᠠ ᠶᠢᠨ 2 ᠤᠨ ᠡᠳᠦᠷ ᠪᠣᠯᠲᠠᠯ᠎ᠠ ᠲᠤᠰᠬᠠᠢ ᠮᠡᠷᠭᠡᠵᠢᠯᠲᠡᠨ ᠢ ᠳᠠᠬᠢᠨᠲᠠ ᠵᠣᠬᠢᠶᠠᠨ | ᠪᠠᠶᠢᠭᠤᠯᠵᠤ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠪᠠᠶᠢᠨ᠎ᠠ᠂ ᠭᠤᠣᠯ ᠪᠣᠯᠬᠤ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠨᠢ ᠵᠡᠭᠦᠨ ᠣᠷᠣᠬᠤ ᠭᠠᠵᠠᠷ ᠤᠨ ᠵᠣᠬᠢᠶᠠᠮᠠᠯ ᠴᠢᠭᠢᠭᠯᠢᠭ ᠭᠠᠵᠠᠷ ᠪᠠ ᠠᠮᠢᠳᠤ | ᠪᠣᠳᠠᠰ ᠤᠨ ᠴᠡᠪᠡᠷᠰᠢᠭᠦᠯᠬᠦ ᠴᠥᠭᠦᠷᠥᠮ ᠪᠣᠯᠣᠨ᠎ᠠ᠂ ᠣᠳᠣᠬᠠᠨ ᠳᠤ ᠶᠠᠭ ᠦᠶᠡᠷ ᠤᠨ ᠤᠰᠤ ᠶᠢ ᠵᠠᠯᠠᠬᠤ | ᠨᠥᠯᠥᠭᠡ ᠶᠢᠨ ᠦᠨᠡᠯᠡᠯᠲᠡ ᠶᠢ ᠨᠠᠶᠢᠷᠠᠭᠤᠯᠤᠨ ᠵᠣᠬᠢᠶᠠᠵᠤ ᠬᠠᠷᠠᠬᠠᠨ ᠪᠠᠷᠢᠯᠭ᠎ᠠ ᠡᠬᠢᠯᠡᠭᠦᠯᠦᠭᠡᠳᠦᠢ ᠪᠠᠶᠢᠨ᠎ᠠ᠃ | ᠳᠥᠷᠪᠡ᠂ ᠣᠷᠣᠰᠢᠵᠤ ᠪᠠᠶᠢᠭ᠎ᠠ ᠠᠰᠠᠭᠤᠳᠠᠯ | 2023 ᠣᠨ ᠤ 7 ᠰᠠᠷ᠎ᠠ ᠳᠤ᠂ ᠲᠣᠭᠤᠷ ᠤᠨ ᠭᠤᠣᠯ ᠤᠨ ᠳᠡᠭᠡᠳᠦ ᠤᠷᠤᠰᠬᠠᠯ ᠤᠨ ᠣᠷᠣᠨ ᠳᠤ 24 | ᠴᠠᠭ ᠤᠨ ᠳᠣᠲᠣᠷ᠎ᠠ ᠨᠡᠶᠢᠲᠡ 100 ᠮᠢᠯᠢᠮᠧᠲᠷ ᠠᠴᠠ ᠳᠡᠭᠡᠭᠰᠢ ᠪᠣᠷᠣᠭᠠᠨ ᠣᠷᠣᠵᠤ᠂ ᠴᠠᠷᠠᠰᠤᠨ ᠤᠰᠤᠨ | ᠴᠥᠭᠦᠷᠥᠮ ᠤᠨ ᠪᠠᠷᠠᠭᠤᠨ ᠣᠷᠣᠬᠤ ᠠᠮᠠᠰᠠᠷ ᠤᠨ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 800 ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠪᠣᠯᠵᠠᠢ᠃ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠬᠢᠭᠡᠳ | ᠯᠢᠶᠣᠤᠨᠢᠩ ᠤᠨ ᠨᠠᠮ ᠤᠨ ᠬᠤᠷᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ | ᠤᠰᠤᠨ ᠴᠥᠭᠦᠷᠥᠮ ᠤᠨ ᠦᠶᠡᠷ ᠤᠨ ᠤᠰᠤ ᠶᠢ ᠳᠠᠬᠢᠨ ᠰᠡᠷᠭᠦᠭᠡᠬᠦ ᠵᠠᠳᠠᠯᠤᠯᠲᠠ ᠶᠢᠨ ᠮᠡᠳᠡᠭᠦᠯᠦᠯᠲᠡ ᠶᠢ ᠮᠡᠳᠡᠭᠦᠯᠦᠨ | ᠬᠦᠷᠭᠡᠬᠦ ᠲᠤᠬᠠᠢ ᠵᠠᠬᠢᠳᠠᠯ︾ ︵ᠰᠤᠩᠭᠠᠷᠢ ᠮᠥᠷᠡᠨ ᠬᠢᠭᠡᠳ ᠯᠢᠶᠣᠤᠨᠢᠩ ᠤᠨ ᠰᠡᠷᠭᠡᠶᠢᠯᠡᠯᠲᠡ ᠶᠢᠨ ᠵᠠᠬᠢᠳᠠᠯ ﹇ | 2023﹈ 5 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠢᠶᠠᠷ᠂ 7 ᠰᠠᠷ᠎ᠠ ᠳᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 200 ᠵᠢᠯ ᠳᠤ ᠨᠢᠭᠡ ᠤᠳᠠᠭ᠎ᠠ ᠪᠣᠷᠣᠭᠠᠨ ᠣᠷᠣᠵᠤ᠂ | ᠬᠡᠰᠡᠭ ᠭᠠᠵᠠᠷ ᠣᠷᠣᠨ ᠳᠤ 500 ᠵᠢᠯ ᠠᠴᠠ ᠳᠡᠭᠡᠭᠰᠢ ᠨᠢᠭᠡ ᠤᠳᠠᠭ᠎ᠠ ᠪᠣᠷᠣᠭᠠᠨ ᠣᠷᠣᠵᠤ᠂ ᠲᠣᠰ ᠲᠥᠷᠥᠯ | ᠵᠦᠢᠯ ᠤᠨ ᠪᠠᠷᠠᠭᠤᠨ ᠣᠷᠣᠬᠤ ᠠᠮᠠᠰᠠᠷ ᠤᠨ ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠤᠨ ᠬᠡᠰᠡᠭ | ᠲᠥᠬᠦᠭᠡᠷᠦᠮᠵᠢ ᠦᠶᠡᠷ ᠲᠤ ᠠᠪᠲᠠᠭᠳᠠᠵᠠᠢ᠃ ᠡᠭᠦᠨ ᠤ ᠬᠠᠮᠲᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠨᠢ | ᠤᠰᠤᠨ ᠴᠥᠭᠦᠷᠥᠮ ᠤᠨ ᠤᠰᠤᠨ ᠳᠤ ᠵᠢᠪᠪᠦᠭᠰᠡᠨ ᠣᠷᠣᠨ ᠢ ᠡᠵᠡᠯᠡᠨ ᠬᠡᠷᠡᠭᠯᠡᠬᠦ᠂ ᠵᠢᠷᠤᠭ ᠲᠥᠯᠥᠪᠯᠡᠭᠡ ᠶᠢᠨ | ᠲᠥᠰᠥᠯ ᠢ ᠲᠣᠭᠲᠠᠭᠠᠭᠰᠠᠨ ᠦᠭᠡᠢ ᠵᠡᠷᠭᠡ ᠰᠢᠯᠲᠠᠭᠠᠨ ᠠᠴᠠ ᠪᠣᠯᠵᠤ ᠲᠥᠷᠥᠯ ᠵᠦᠢᠯ ᠢ ᠦᠷᠭᠦᠯᠵᠢᠯᠡᠨ | ᠬᠡᠷᠡᠭᠵᠢᠭᠦᠯᠬᠦ ᠶᠢᠨ ᠠᠷᠭ᠎ᠠ ᠦᠭᠡᠢ ᠪᠣᠯᠵᠠᠢ᠃ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠨ | ᠲᠣᠭᠲᠠᠭᠠᠭᠰᠠᠨ ᠢᠶᠠᠷ᠂ ᠪᠥᠬᠦ ᠪᠡᠯᠡ ᠮᠥᠩᠭᠦ ᠶᠢ ᠠᠶᠢᠮᠠᠭ ᠤᠨ ᠡᠳ᠋ ᠤᠨ ᠵᠠᠰᠠᠭ ᠲᠤ ᠪᠤᠴᠠᠭᠠᠨ ᠥᠭᠴᠦ ᠲᠣᠰ | ᠲᠥᠷᠥᠯ ᠵᠦᠢᠯ ᠢ ᠳᠠᠭᠢᠵᠤ ᠬᠡᠷᠡᠭᠵᠢᠭᠦᠯᠬᠦ ᠦᠭᠡᠢ᠃ | | |