ᠡᠮᠦᠨᠡᠬᠡᠨ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨᠴᠢ | ᠪᠠᠷ ᠠᠮᠤ ᠪᠤᠳᠠᠭ᠎ᠠ ᠨᠦᠬᠡᠴᠡᠯᠡᠬᠦ ᠲᠤᠬᠠᠢ ᠶᠢᠨ ᠲᠠᠯᠠᠪᠤᠷ ᠤ᠋ᠨ ᠬᠤᠷᠠᠯ ᠭᠦᠢᠯᠠᠷ | ᠪᠠᠯᠭᠠᠰᠦᠨ ᠤ ᠭᠤᠸᠠᠩ ᠷᠥᠩ ᠭᠠᠴᠠᠭᠠᠨ ᠤ ᠦᠨᠳᠦᠷ ᠤᠨᠠᠯᠲᠠᠲᠤ ᠡᠷᠳᠡᠨᠢ ᠰᠢᠰᠢ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠶᠠᠪᠤᠭᠳᠠᠪᠠ ᠃ ᠲᠤᠬᠠᠢ ᠶᠢᠨ ᠲᠠᠯᠠᠪᠤᠷ ᠲᠤ᠂ ᠲᠤᠮᠤ | ᠬᠡᠯᠪᠡᠷᠢ ᠶᠢᠨ ᠲᠠᠷᠢᠶᠡᠯᠡᠩ ᠤᠨ ᠮᠠᠰᠢᠨ ᠢ᠋ᠶ᠋ᠠᠷ ᠡᠷᠳᠡᠨᠢ ᠰᠢᠰᠢ ᠬᠠᠳᠤᠵᠦ | ᠬᠤᠷᠢᠶᠠᠬᠤ ᠶᠠᠪᠤᠴᠠ ᠶᠢ ᠦᠵᠡᠭᠦᠯᠵᠦ᠂ ᠡᠷᠳᠡᠨᠢ ᠰᠢᠰᠢ ᠶ᠋ᠢᠨ ᠬᠠᠳᠤᠵᠦ ᠬᠤᠷᠢᠶᠡᠬᠤ | ᠶᠠᠪᠤᠴᠠ ᠳᠠᠬᠢ ᠬᠤᠬᠢᠷᠡᠯ ᠢ ᠪᠠᠭᠠᠰᠬᠠᠬᠤ᠂ ᠰᠢᠯᠢᠳᠡᠭ ᠲᠠᠷᠢᠶᠡᠨ ᠦᠷ᠎ᠡ ᠶᠢ ᠰᠤᠩᠭᠤᠬᠤ ᠵᠡᠷᠭᠡ | ᠠᠰᠠᠭᠤᠳᠡᠯ ᠤ᠋ᠨ ᠲᠤᠬᠠᠢ ᠲᠠᠶᠢᠯᠪᠤᠷᠢᠯᠠᠬᠤ ᠶᠢᠨ ᠬᠠᠮᠲᠤ ᠬᠠᠮᠢᠶ᠎ᠡ ᠪᠦᠬᠦᠢ ᠳᠡᠳᠭᠦᠮᠵᠢ ᠶᠢᠨ ᠲᠦᠷᠦ ᠶᠢᠨ | ᠪᠤᠳᠤᠯᠭ᠎ᠠ ᠶᠢ ᠤᠬᠠᠭᠤᠯᠵᠦ᠂ ᠲᠠᠷᠢᠶᠠᠴᠢᠳ ᠤ᠋ᠨ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠨᠥᠭᠡᠴᠡᠯᠡᠵᠦ ᠠᠮᠤ ᠪᠤᠳᠠᠭᠠᠨ ᠤ ᠬᠤᠷᠤᠭᠳᠠᠯ ᠢ ᠪᠠᠭᠠᠰᠬᠠᠨ ᠤᠷᠤᠯᠭ᠎ᠠ ᠪᠠᠨ | ᠨᠡᠮᠡᠭᠳᠡᠭᠦᠯᠬᠦ ᠶᠢ ᠠᠬᠢᠭᠤᠯᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠠᠷ ᠪᠠᠯᠭᠠᠰᠦ ᠨᠢ | ᠲᠠᠷᠢᠶᠠᠴᠢᠳ ᠤ᠋ᠨ ᠠᠮᠤ ᠪᠤᠳᠠᠭ᠎ᠠ ᠪᠠᠨ ᠪᠤᠰᠤᠭ᠎ᠠ ᠴᠤᠭᠴᠠᠲᠦ ᠲᠦᠬᠦᠭᠡᠷᠦᠮᠵᠢ ᠳᠤ | ᠬᠠᠳᠠᠭᠠᠯᠠᠬᠤ᠂ ᠠᠵᠦ ᠠᠬᠤᠶᠢᠯᠠᠯ ᠠᠴᠠ ᠲᠠᠷᠢᠶᠡᠯᠠᠬᠤ ᠡᠷᠦᠭᠡ ᠶᠢᠨ ᠠᠮᠤ ᠪᠤᠳᠠᠭ᠎ᠠ ᠶᠢ ᠤᠷᠤᠯᠠᠨ ᠬᠠᠮᠢᠶᠠᠷᠬᠤ᠂ | ᠤᠷᠤᠯᠠᠨ ᠬᠠᠳᠠᠭᠠᠯᠠᠬᠤ᠂ ᠲᠤᠰᠬᠤᠨ ᠤ ᠬᠠᠮᠲᠤ ᠨᠡᠶᠢᠲᠡ ᠠᠴᠠ ᠠᠮᠤ ᠪᠤᠳᠠᠭ᠎ᠠ ᠶᠢ ᠲᠦᠪᠯᠡᠷᠡᠭᠦᠯᠦᠨ ᠬᠠᠳᠠᠭᠠᠯᠠᠬᠤ᠂ | ᠮᠦᠬᠦᠯᠢᠭᠵᠢᠭᠦᠯᠦᠨ ᠬᠤᠷᠢᠶᠡᠬᠤ ᠵᠡᠷᠭᠡ ᠤᠯᠡᠨ ᠵᠦᠢᠯ ᠤᠨ ᠠᠷᠭ᠎ᠠ ᠠᠪᠴᠢᠯ ᠢᠶᠠᠷ ᠲᠠᠮᠵᠢᠨ ᠪᠦᠬᠦ | ᠪᠠᠯᠭᠠᠰᠦᠨ ᠤ 70% ᠶᠢᠨ ᠠᠮᠤ ᠪᠤᠳᠠᠭ᠎ᠠ ᠶᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠪᠠᠶᠡᠯᠡᠭᠦᠯᠵᠦ᠂ ᠮᠦ | ᠨᠢᠭᠡᠴᠢ ᠶᠢᠨ ᠤᠨᠠᠯᠲᠠ ᠶᠢᠨ ᠨᠦᠬᠡᠴᠡᠯᠡᠬᠦ ᠬᠤᠷᠤᠭᠳᠡᠯ ᠢ 5% ᠪᠡᠷ ᠪᠠᠭᠠᠰᠬᠠᠨ | ᠲᠠᠷᠢᠶᠠᠴᠢᠳ ᠢ᠋ 440 ᠲᠥᠮᠡᠨ ᠲᠦᠭᠦᠷᠢᠭ ᠤᠨ ᠤᠷᠤᠯᠭ᠎ᠠ | ᠨᠡᠮᠡᠭᠳᠡᠭᠦᠯᠦᠨ᠎ᠡ ᠃ | ᠭᠦᠢᠯᠠᠷ ᠪᠠᠯᠭᠠᠰᠦᠨ ᠤ ᠪᠸᠢ ᠮᠢᠨ ᠡᠾᠧ ᠭᠠᠴᠠᠭ᠎ᠠ ᠶ᠋ᠢᠨ ᠳᠠᠷᠢᠶᠠᠴᠢᠨ ᠸᠠᠩ ᠴᠠᠩ ᠡᠾᠦ᠋ᠢ ᠶᠢᠨ | ᠠᠮᠤ ᠪᠤᠳᠠᠭ᠎ᠠ ᠬᠠᠳᠠᠭᠠᠯᠠᠬᠤ ︽ᠰᠢᠳᠢᠳᠦ ᠬᠥᠮᠦᠷᠭᠡ ︾ ᠨᠢ ᠬᠦᠮᠦᠰ ᠤᠨ ᠠᠩᠬᠠᠷᠤᠯ ᠢ ᠶᠡᠬᠡᠳᠡ | ᠲᠠᠲᠠᠵᠦ ᠪᠠᠶᠢᠯ᠎ᠠ᠃ ᠲᠡᠲᠡᠨ ᠤ ᠬᠢᠨ ᠡᠷᠳᠡᠨᠢ ᠰᠢᠰᠢ ᠪᠠᠨ ᠲᠡᠮᠤᠷ ᠤᠲᠠᠰᠦᠨ ᠬᠦᠮᠦᠷᠭᠡ ᠳᠤ | ᠤᠷᠤᠭᠤᠯᠵᠦ᠂ ᠡᠷᠳᠡᠨᠢ ᠰᠢᠰᠢ ᠶᠢ ᠭᠠᠵᠠᠷ ᠠᠴᠠ ᠰᠠᠯᠭᠠᠨ ᠰᠠᠯᠬᠢ ᠨᠠᠪᠳᠡᠷᠡᠭᠦᠯᠪᠡ ᠃ | ︽ᠡᠨᠡ ᠵᠢᠯ ᠳ᠋ᠦ᠍ ᠮᠠᠨ ᠤ ᠬᠢᠨ 85 ᠮᠦ ᠡᠷᠳᠡᠨᠢ ᠰᠢᠰᠢ ᠲᠠᠷᠢᠵᠦ 14 ᠲᠥᠮᠡᠨ ᠵᠢᠩ | ᠬᠤᠷᠢᠶᠠᠯᠲᠠ ᠤᠯᠵᠡᠢ᠃ ᠢᠩᠭᠢᠵᠦ ᠬᠠᠳᠠᠭᠠᠯᠠᠬᠤ ᠨᠢ ᠡᠷᠳᠡᠨᠢ ᠰᠢᠰᠢ ᠶᠢᠨ ᠤᠰᠤᠨ | ᠤ ᠠᠭᠤᠯᠤᠭᠳᠠᠴᠠ ᠶᠢ ᠪᠠᠭᠠᠰᠬᠠᠬᠤ ᠪᠦᠭᠡᠳ ᠢᠯᠵᠠᠷᠠᠬᠤ ᠦᠵᠡᠭᠳᠡᠯ ᠭᠠᠷᠬᠤ ᠠᠴᠠ ᠵᠠᠶᠢᠯᠠᠰᠬᠢᠵᠦ᠂ ᠡᠷᠳᠡᠨᠢ ᠰᠢᠰᠢ | ᠶᠢᠨ ᠬᠤᠷᠤᠭᠳᠡᠯ ᠢ 4000 — 5000 ᠵᠢᠩ ᠪᠠᠭᠠᠰᠬᠠᠨ᠎ᠠ︾ ᠭᠡᠵᠦ ᠸᠠᠩ ᠴᠠᠩ ᠡᠾᠦ᠋ᠢ ᠳᠠᠨᠢᠯᠴᠠᠭᠤᠯᠵᠤ | ᠪᠠᠶᠢᠯ᠎ᠠ᠃ | |