ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠯᠤᠰᠤᠨ ᠰᠦᠶ᠎ᠡ ᠳᠠᠷᠢᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/1
   11 ᠰᠠᠷ᠎ᠠ ᠶᠢᠨ 29 ᠤ ᠡᠳᠦᠷ᠂ ᠤᠤᠯ ᠤᠨ ᠴᠢᠩᠳᠣᠣ ᠬᠤᠲᠠ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ ᠶᠢᠨ ᠠᠯᠪᠠᠨ ᠭᠡᠷ ᠤᠨ ᠡᠷᠬᠢᠯᠡᠭᠴᠢ ᠵᠠᠩ ᠯᠢᠨ ᠺᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ᠂ ᠬᠤᠯᠤᠰᠤᠨ ᠰᠦᠶ᠎ᠡ ᠳᠠᠷᠢᠬᠤ ᠪᠠ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠤᠣᠯᠳᠠᠭᠤ ᠬᠤᠯᠤᠰᠤᠨ ᠰᠦᠶ᠎ᠡ ᠶᠢᠨ ᠠᠵᠤ ᠦᠢᠯᠡᠰ ᠤᠨ ᠬᠥᠭᠵᠢᠯᠲᠡ᠂ ᠬᠡᠪᠴᠢᠶᠡᠵᠢᠭᠰᠡᠨ ᠲᠠᠷᠢᠮᠠᠯ᠂ ᠲᠦᠷᠦᠯ ᠵᠦᠢᠯ ᠤᠨ ᠬᠠᠮᠲᠤᠷᠠᠯᠴᠠᠭ᠎ᠠ ᠵᠢᠴᠢ ᠠᠵᠤ ᠠᠬᠤᠢ ᠶᠢᠨ ᠦᠷ᠎ᠡ ᠠᠰᠢᠭ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃    ᠵᠠᠩ ᠯᠢᠨ ᠺᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠯᠤᠰᠤᠨ ᠰᠦᠶ᠎ᠡ ᠶᠢᠨ ᠠᠵᠤ ᠦᠢᠯᠡᠰ ᠤᠨ ᠲᠥᠯᠦᠪᠵᠢᠭᠦᠯᠭᠡ ᠪᠠ ᠬᠥᠭᠵᠢᠯᠲᠡ ᠶᠢᠨ ᠬᠡᠪ ᠵᠠᠭᠪᠤᠷ᠂ ᠮᠡᠷᠭᠡᠵᠢᠯ ᠤᠨ ᠪᠠᠲᠤᠯᠠᠭ᠎ᠠ᠂ ᠡᠵᠡᠩᠨᠡᠯᠲᠡ ᠶᠢᠨ ᠠᠷᠭ᠎ᠠ ᠬᠡᠯᠪᠡᠷᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠡᠷᠭᠡ ᠶᠢᠨ ᠲᠤᠬᠠᠢ ᠲᠠᠨᠢᠯᠴᠠᠭᠤᠯᠵᠤ᠂ ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠯᠢᠳᠡᠭ ᠭᠠᠵᠠᠷ ᠰᠢᠷᠣᠢ ᠶᠢᠨ ᠡᠬᠢ ᠪᠠᠶᠠᠯᠢᠭ ᠪᠠ ᠲᠣᠬᠢᠷᠠᠮᠵᠢᠲᠠᠢ ᠠᠭᠤᠷ ᠠᠮᠢᠰᠬᠤᠯ ᠤᠨ ᠨᠥᠬᠦᠴᠡᠯ ᠪᠣᠯ ᠬᠤᠯᠤᠰᠤᠨ ᠰᠦᠶ᠎ᠡ ᠶᠢᠨ ᠠᠵᠤ ᠦᠢᠯᠡᠰ ᠢ ᠬᠥᠭᠵᠢᠭᠦᠯᠬᠦ ᠳᠤ ᠣᠯᠠᠨ ᠠᠴᠠ ᠣᠨᠴᠠᠭᠠᠶ ᠳᠠᠪᠠᠭᠤᠯᠢᠭ ᠲᠠᠯ᠎ᠠ ᠮᠥᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠭᠦᠨᠵᠡᠭᠡᠢ ᠬᠠᠮᠲᠤᠷᠠᠯᠴᠠᠬᠤ ᠶᠢᠨ ᠬᠠᠮᠲᠤ ᠬᠤᠯᠤᠰᠤᠨ ᠰᠦᠶ᠎ᠡ ᠶᠢᠨ ᠠᠵᠤ ᠦᠢᠯᠡᠰ ᠤᠨ ᠬᠥᠭᠵᠢᠯᠲᠡ᠂ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠵᠡᠷᠭᠡ ᠲᠠᠯ᠎ᠠ ᠪᠠᠷ ᠨᠠᠶᠢᠳᠠᠪᠤᠷᠢᠲᠠᠢ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃    ᠸᠠᠩ ᠯᠢ ᠳ᠋ᠦᠩ ᠲᠥᠷᠥᠯ ᠵᠦᠢᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠨᠥᠬᠦᠷᠰᠡᠭ ᠬᠠᠮᠲᠤᠷᠠᠯᠴᠠᠭ᠎ᠠ ᠶᠢ ᠲᠣᠬᠢᠷᠠᠯᠴᠠᠵᠤ᠂ ᠣᠷᠣᠨ ᠪᠦᠰᠡ ᠶᠢᠨ ᠣᠨᠴᠠᠯᠢᠭ ᠲᠠᠢ ᠬᠤᠯᠤᠰᠤᠨ ᠰᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠦᠷ᠎ᠡ ᠪᠣᠶᠢᠵᠢᠭᠤᠯᠬᠤ ᠠᠴᠠ ᠨᠠᠷᠢᠯᠢᠭ ᠡᠳ᠋ᠰᠢᠭᠦᠯᠬᠦ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠡᠪᠴᠢᠶᠡᠵᠢᠭᠰᠡᠨ᠂ ᠪᠦᠬᠦ ᠤᠯᠤᠰᠴᠢᠯᠠᠭᠰᠠᠨ ᠬᠤᠯᠤᠰᠤᠨ ᠰᠦᠶ᠎ᠡ ᠶᠢᠨ ᠲᠠᠷᠢᠮᠠᠯ ᠤᠨ ᠰᠠᠭᠤᠷᠢᠨ ᠢ ᠪᠠᠶᠢᠭᠤᠯᠵᠤ᠂ ᠰᠢᠯᠢᠳᠡᠭ ᠰᠠᠶᠢᠨ ᠬᠤᠯᠤᠰᠤᠨ ᠰᠦᠶ᠎ᠡ ᠶᠢᠨ ᠲᠦᠷᠦᠯ ᠲᠡᠮᠳᠡᠭ ᠢ ᠡᠭᠦᠳᠴᠦ᠂ ᠬᠤᠯᠤᠰᠤᠨ ᠰᠦᠶ᠎ᠡ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号