ᠠᠩᠬᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ ᠢᠳᠡᠭᠡᠨ ᠤ ᠮᠠᠲ᠋ᠧᠷᠢᠶᠠᠯ ᠰᠢᠯᠭᠠᠨ ᠬᠤᠳᠠᠯᠳᠤᠨ ᠠᠪᠬᠤ ᠴᠤᠭᠯᠠᠭᠠᠨ ᠵᠢᠴᠢ ᠠᠮᠲᠠᠲᠤ ᠢᠳᠡᠭᠡᠨ ᠤ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/12/11
   ᠪᠦᠬᠦ ᠠᠶᠢᠮᠠᠭ ᠤᠨ ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ︽ᠲᠠᠷᠢᠶᠠᠨ ᠭᠠᠵᠠᠷ  ᠠᠴᠠ ᠬᠤᠭᠤᠯᠠᠨ ᠰᠢᠷᠡᠭᠡ ᠬᠦᠷᠲᠡᠯ᠎ᠡ︾᠂ ︽ᠰᠠᠶᠢᠨ ᠢᠳᠡᠭᠡᠨ ᠤ ᠮᠠᠲ᠋ᠧᠷᠢᠶᠠᠯ  ᠠᠴᠠ ᠰᠠᠶᠢᠨ ᠢᠳᠡᠭᠡᠨ ᠤ ᠵᠦᠢᠯ  ᠬᠦᠷᠬᠦ︾ ᠶᠢ ᠳᠡᠰ ᠳᠡᠪᠰᠢᠭᠦᠯᠦᠨ ᠬᠤᠪᠢᠷᠠᠭᠤᠯᠬᠤ   ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠵᠦ᠂ ᠬᠢᠩᠭᠠᠨ ᠠᠶᠢᠮᠠᠭ ᠤᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠵᠢᠬᠦ᠂ ᠵᠠᠬ᠎ᠠ ᠳᠡᠯᠭᠡᠭᠦᠷᠴᠢᠯᠡᠬᠦ᠂ ᠠᠵᠤ ᠦᠢᠯᠡᠰᠵᠢᠬᠦ ᠠᠬᠢᠴᠠ ᠶᠢ ᠠᠬᠢᠭᠤᠯᠵᠤ᠂ 12 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠭᠤᠣᠯᠯᠠᠨ ᠡᠷᠭᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠬᠢᠩᠭᠠᠨ ᠠᠶᠢᠮᠠᠭ ᠤᠨ ᠢᠳᠡᠭᠡᠨ ᠤᠮᠳᠠᠭᠠᠨ ᠪᠠ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠳᠠᠭᠠᠭᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ ᠢᠳᠡᠭᠡᠨ ᠤ ᠮᠠᠲ᠋ᠧᠷᠢᠶᠠᠯ ᠢ ᠰᠢᠯᠭᠠᠨ ᠬᠤᠳᠠᠯᠳᠤᠨ ᠠᠪᠬᠤ ᠴᠤᠭᠯᠠᠭᠠᠨ ᠵᠢᠴᠢ ᠠᠮᠲᠠᠲᠤ ᠢᠳᠡᠭᠡᠨ ᠤ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠵᠢᠴᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ ᠃       ᠠᠵᠢᠯᠯᠠᠭ᠎ᠠ ᠶᠢᠨ ᠳᠤᠮᠳᠠ᠂ ᠰᠦᠨ ᠱᠤ᠋ ᠲᠤᠤ ︽ᠠᠩᠬᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ ᠢᠳᠡᠭᠡᠨ ᠤ ᠮᠠᠲ᠋ᠧᠷᠢᠶᠠᠯ ᠢ ᠰᠢᠯᠭᠠᠨ ᠬᠤᠳᠠᠯᠳᠤᠨ ᠠᠪᠬᠤ ᠴᠤᠭᠯᠠᠭᠠᠨ ᠵᠢᠴᠢ ᠠᠮᠲᠠᠲᠤ ᠢᠳᠡᠭᠡᠨ ᠤ ᠤᠷᠤᠯᠳᠤᠭᠠᠨ︾ ᠵᠢᠩᠬᠢᠨᠢ ᠪᠠᠷ ᠡᠬᠢᠯᠡᠭᠰᠡᠨ ᠢ ᠨᠡᠶᠢᠲᠡᠯᠡᠵᠦ᠂ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠠᠶᠢᠰᠠᠨ ᠳᠤ ᠭᠠᠷᠴᠤ ᠲᠣᠮᠣ ᠳᠡᠯᠭᠡᠴᠡ ᠶᠢ ᠬᠠᠮᠲᠤ ᠪᠠᠷ ᠳᠡᠯᠭᠡᠪᠡ᠃    ᠲᠤᠰ ᠤᠳᠠᠭ᠎ᠠ ᠶᠢᠨ ᠢᠳᠡᠭᠡᠨ ᠤ ᠮᠠᠲ᠋ᠧᠷᠢᠶᠠᠯ ᠢ ᠰᠢᠯᠭᠠᠨ ᠬᠤᠳᠠᠯᠳᠤᠨ ᠠᠪᠬᠤ ᠬᠤᠷᠠᠯ ᠳᠤ  ᠲᠡᠮᠡᠭᠡᠨ ᠭᠤᠣᠯ ᠬᠤᠨᠢᠨ ᠮᠢᠬ᠎ᠠ᠂ ᠪᠧᠢ ᠹᠧᠩ ᠯᠢᠩ ᠤᠨ ᠭᠤᠯᠢᠷ᠂  ᠬᠤᠷᠴᠢᠨ ᠸᠠᠨ ᠵᠢᠶᠠ ᠵᠡᠷᠭᠡ ᠲᠠᠪᠤᠨ ᠶᠡᠭᠡ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠬᠤᠳᠠᠯᠳᠤᠭᠠᠴᠢᠨ ᠤ ᠡᠯᠪᠡᠭ ᠪᠠᠶᠠᠯᠢᠭ ᠢᠳᠡᠭᠡᠨ ᠤ ᠮᠠᠲ᠋ᠧᠷᠢᠶᠠᠯ ᠬᠤᠷᠠᠨ ᠴᠤᠭᠯᠠᠷᠠᠵᠤ᠂ ᠨᠡᠶᠢᠳᠡ 100 ᠭᠠᠷᠤᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠬᠤᠳᠠᠯᠳᠤᠭᠠᠴᠢᠨ ᠦᠵᠡᠰᠬᠦᠯᠡᠩ ᠳᠤ ᠣᠷᠣᠯᠴᠠᠪᠠ᠂ ᠪᠠᠰᠠ ᠪᠦᠬᠦ ᠠᠶᠢᠮᠠᠭ ᠠᠴᠠ ᠢᠷᠡᠭᠰᠡᠨ 200 ᠭᠠᠷᠤᠢ ᠬᠤᠳᠠᠯᠳᠤᠨ ᠠᠪᠬᠤ ᠠᠵᠤ ᠠᠬᠤᠶᠢᠯᠠᠯ ᠲᠤᠬᠠᠢ ᠶᠢᠨ ᠲᠠᠯᠠᠪᠠᠢ ᠳᠤ ᠢᠳᠡᠭᠡᠨ ᠤ ᠮᠠᠲ᠋ᠧᠷᠢᠶᠠᠯ ᠢ ᠰᠢᠯᠭᠠᠨ ᠰᠣᠩᠭᠤᠬᠤ᠂ ᠪᠦᠲᠦᠭᠡᠭᠳᠡᠬᠦᠨ ᠵᠠᠬᠢᠶᠠᠯᠠᠬᠤ ᠪᠠ ᠲᠤᠬᠠᠢ ᠶᠢᠨ ᠲᠠᠯᠠᠪᠠᠢ ᠳᠤ ᠰᠢᠯᠭᠠᠨ ᠦᠵᠡᠬᠦ ᠪᠠᠷ ᠪᠣᠯᠪᠠ᠃ ᠬᠡᠰᠡᠭ ᠠᠵᠤ ᠠᠬᠤᠶᠢᠯᠠᠯ ᠬᠠᠮᠲᠤᠷᠠᠯᠴᠠᠭᠠᠨ ᠤ ᠪᠢᠴᠢᠭ ᠲᠤ ᠠᠮᠵᠢᠯᠲᠠ ᠲᠠᠢ ᠪᠠᠷ ᠭᠠᠷ ᠤᠨ ᠦᠰᠦᠭ ᠵᠢᠷᠤᠪᠠ᠃       ᠲᠤᠰ ᠡᠳᠦᠷ ᠤᠨ ᠦᠳᠡ ᠶᠢᠨ ᠬᠤᠶᠢᠨ᠎ᠠ ᠶᠠᠪᠤᠭᠳᠠᠭᠰᠠᠨ︽ᠠᠩᠬᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ ᠢᠳᠡᠭᠡᠨ ᠤᠮᠳᠠᠭᠠᠨ ᠤ ᠦᠢᠯᠡᠰ ᠤᠨ ᠤᠷ᠎ᠠ ᠮᠡᠷᠭᠡᠵᠢᠯ ᠤᠨ ᠤᠷᠤᠯᠳᠤᠭᠠᠨ︾ ᠳᠤ᠂ ᠮᠠᠰᠢ ᠤᠯᠠᠨ ᠢᠳᠡᠭᠡᠨ ᠤᠮᠳᠠᠭᠠᠨ ᠤ ᠦᠢᠯᠡᠰ ᠤᠨ ᠰᠣᠳᠣᠨ ᠬᠥᠮᠥᠰ ᠢ ᠴᠤᠭᠯᠠᠭᠤᠯᠵᠤ᠂ ᠲᠠᠲᠠᠮᠠᠯ ᠭᠤᠯᠢᠷ ᠤᠨ ᠤᠷ᠎ᠠ ᠮᠡᠷᠭᠡᠵᠢᠯ ᠤᠨ ᠦᠵᠡᠭᠦᠯᠦᠯᠭᠡ᠂ ᠠᠷᠠᠳ ᠤᠨ ᠭᠠᠯ ᠲᠣᠭᠤᠭᠠᠨ ᠤ ᠮᠡᠷᠭᠡᠵᠢᠯ ᠤᠨ ᠦᠵᠡᠭᠦᠯᠦᠯᠭᠡ᠂ ᠳᠤᠮᠳᠠᠳᠤ ᠤᠯᠤᠰ ᠤᠨ ᠮᠠᠶ᠋ᠢᠭ ᠤᠨ ᠣᠷᠣ ᠳᠡᠪᠢᠰᠬᠡᠷ ᠲᠡᠪᠢᠰᠬᠦ᠂ ᠳᠤᠮᠳᠠᠳᠤ ᠤᠯᠤᠰ ᠤᠨ ᠬᠤᠭᠤᠯᠠᠨ ᠤ ᠰᠢᠨ᠎ᠡ ᠡᠭᠦᠳᠦᠯᠲᠡ ᠶᠢᠨ ᠲᠡᠪᠠᠬ ᠵᠡᠷᠭᠡ ᠤᠷᠤᠯᠳᠤᠭᠠᠨ ᠤ ᠲᠦᠷᠦᠯ ᠵᠦᠢᠯ ᠳᠤ᠂ ᠤᠷᠤᠯᠳᠤᠭᠠᠨ ᠳᠤ ᠣᠷᠣᠯᠴᠠᠭᠰᠠᠳ ᠥᠪᠡᠷ ᠥᠪᠡᠷ ᠤᠨ ᠤᠷᠠᠨ ᠨᠠᠷᠢᠯᠢᠭ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠣᠯᠣᠨ ᠠᠮᠲᠠ ᠶᠢᠨ ᠰᠡᠷᠡᠯ ᠤᠨ ᠬᠤᠣᠰ ᠦᠪᠡᠳᠡᠭᠰᠢ ᠨᠠᠶᠢᠷ ᠢ ᠠᠪᠴᠢᠷᠠᠯ᠎ᠠ᠃ ᠤᠷᠤᠯᠳᠤᠭᠠᠨ ᠳᠤ ᠪᠠᠰᠠ ᠨᠡᠶᠢᠭᠡᠮ ᠤᠨ ᠡᠯ᠎ᠡ ᠡᠲᠡᠭᠡᠳ ᠤᠨ ᠡᠷᠬᠡ ᠰᠦᠷᠲᠦ ᠲᠥᠯᠥᠭᠡᠯᠡᠭᠴᠢ ᠶᠢ ᠤᠷᠢᠵᠤ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠬᠠᠷᠢᠭᠤᠴᠠᠭᠤᠯᠪᠠ᠃    ᠲᠣᠰ ᠤᠳᠠᠭᠠᠨ ᠤ ᠠᠵᠢᠯᠯᠠᠭ᠎ᠠ ᠨᠢ ︽ᠠᠮᠲᠠᠲᠤ ᠢᠳᠡᠭᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠠᠷᠠᠳ ᠤᠨ ᠳᠤᠮᠳᠠᠬᠢ ᠠᠮᠲᠠᠲᠤ ᠢᠳᠡᠭᠡᠨ ᠢ ᠳᠡᠯᠭᠡᠷᠡᠭᠦᠯᠬᠦ᠂ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠠᠲᠠᠮᠠᠯ ᠭᠤᠯᠢᠷ ᠤᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠬᠤ︾ ᠪᠠᠷ ᠵᠣᠷᠢᠯᠲᠠ ᠪᠣᠯᠭᠠᠵᠤ᠂ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠪᠥᠬᠦ ᠠᠶᠢᠮᠠᠭ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠢᠳᠡᠭᠡᠨ ᠤ ᠮᠠᠲ᠋ᠧᠷᠢᠶᠠᠯ ᠢ ᠬᠢᠨᠠᠨ ᠰᠣᠩᠭᠤᠬᠤ᠂ ᠪᠦᠲᠦᠭᠡᠭᠳᠡᠬᠦᠨ ᠢ ᠵᠠᠬᠢᠶᠠᠯᠠᠨ ᠠᠪᠬᠤ᠂ ᠲᠤᠬᠠᠢ ᠶᠢᠨ ᠲᠠᠯᠠᠪᠤᠷ ᠲᠤ ᠰᠢᠯᠭᠠᠨ ᠦᠵᠡᠬᠦ ᠶᠢ ᠶᠠᠪᠤᠭᠳᠠᠭᠤᠯᠤᠨ᠎ᠠ᠃ ᠡᠭᠦᠨ ᠤ ᠬᠠᠮᠲᠤ ᠲᠣᠰ ᠤᠳᠠᠭᠠᠨ ᠤ ᠠᠮᠲᠠᠲᠤ ᠢᠳᠡᠭᠡᠨ ᠤ ᠤᠷᠤᠯᠳᠤᠭᠠᠨ ᠢᠶᠠᠷ ᠠᠴᠢᠶᠠᠯᠠᠪᠤᠷᠢ ᠪᠣᠯᠭᠠᠵᠤ᠂ ᠠᠷᠠᠳ ᠤᠨ ᠭᠠᠯ ᠲᠣᠭᠤᠭᠠᠨ ᠤ ᠮᠡᠷᠭᠡᠵᠢᠯ ᠤᠨ ᠰᠢᠯᠭᠠᠷᠠᠭᠤᠯᠤᠯᠲᠠ᠂ ᠲᠠᠲᠠᠮᠠᠯ ᠭᠤᠯᠢᠷ ᠤᠨ ᠮᠡᠷᠭᠡᠵᠢᠯ ᠤᠨ ᠰᠢᠯᠭᠠᠷᠠᠭᠤᠯᠤᠯᠲᠠ ᠶᠢ ᠥᠷᠨᠢᠭᠦᠯᠵᠦ᠂ ᠬᠢᠩᠭᠠᠨ ᠠᠶᠢᠮᠠᠭ ᠤᠨ ᠢᠳᠡᠭᠡᠨ ᠤᠮᠳᠠᠭᠠᠨ ᠤ ᠦᠢᠯᠡᠰ ᠤᠨ ᠮᠡᠷᠭᠡᠵᠢᠯ ᠴᠢᠳᠠᠪᠤᠷᠢ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号