ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ᠂ ᠸᠠᠩ | ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠪᠠ᠃ | ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ ᠠᠬᠤᠢ ᠶᠢᠨ ᠠᠵᠢᠯ ᠢ ᠪᠦᠭᠦ ᠲᠠᠯ᠎ᠠ ᠪᠠᠷ | ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ 2024 ᠣᠨ ᠤ ᠠᠵᠤ ᠠᠬᠤᠢ ᠶᠢᠨ | ᠠᠵᠢᠯ ᠢ ᠰᠢᠰᠲ᠋ᠧᠮ ᠲᠠᠢ ᠪᠠᠶᠢᠷᠢᠯᠠᠭᠤᠯᠪᠠ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ | ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ | ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠡᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠪᠠᠨ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ | ᠰᠢᠨ᠎ᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ | ᠠᠯᠬᠤᠮ ᠢ ᠠᠯᠬᠤᠵᠠᠢ ᠭᠡᠵᠦ ᠦᠵᠡᠪᠡ᠃ | ᠬᠤᠷᠠᠯ ᠠᠴᠠ᠂ ᠠᠵᠤ ᠠᠬᠤᠢ ᠶᠢᠨ ᠰᠡᠷᠭᠦᠯᠲᠡ ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ ᠬᠦᠴᠢᠷᠳᠡᠯ | ᠪᠣᠯᠣᠨ ᠥᠷᠢᠰᠦᠯᠳᠦᠭᠡᠨ ᠢ ᠢᠯᠠᠨ ᠳᠠᠪᠠᠭᠤ ᠴᠢᠬᠤᠯᠠᠲᠠᠢ ᠪᠠᠶᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ ᠬᠦᠷᠦᠯᠴᠡᠬᠦ | ᠦᠭᠡᠢ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ᠂ ᠨᠡᠶᠢᠭᠡᠮ ᠤᠨ ᠵᠢᠱᠢᠯᠲᠡ ᠪᠠᠭᠤᠷᠠᠢ | ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ | ᠲᠦᠭᠵᠢᠷᠡᠯ ᠣᠷᠣᠰᠢᠵᠤ᠂ ᠭᠠᠳᠠᠭᠠᠳᠤ ᠣᠷᠴᠢᠨ ᠲᠣᠭᠤᠷᠢᠨ ᠤ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ | ᠲᠣᠬᠲᠠᠭᠠᠯᠲᠤ ᠪᠤᠰᠤ ᠴᠢᠨᠠᠷ ᠨᠡᠮᠡᠭᠳᠡᠵᠦ ᠪᠠᠶᠢᠨ᠎ᠠ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠳᠡᠭᠡᠷ | ᠠᠰᠠᠭᠤᠳᠠᠯ ᠢ ᠪᠦᠲᠦᠮᠵᠢᠲᠡᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ᠶᠡᠷᠦᠩᠬᠡᠶᠢᠯᠡᠭᠡᠳ ᠦᠵᠡᠪᠡᠯ᠂ ᠮᠠᠨ ᠤ ᠤᠯᠤᠰ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠴᠢᠩᠭ᠎ᠠ ᠪᠠᠶᠢᠵᠤ᠂ | ᠠᠵᠤ ᠠᠬᠤᠢ ᠰᠡᠷᠭᠦᠨ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ | ᠂ ᠢᠲᠡᠭᠡᠯ ᠵᠣᠷᠢᠭ ᠪᠠ ᠢᠲᠡᠭᠡᠯ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠶᠢᠷ᠎ᠠ ᠶᠢᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠪᠦᠲᠦᠮᠵᠢᠲᠡᠶ ᠨᠢᠭᠡᠳᠦᠯᠲᠡᠢ | ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ | ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ᠃ | ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ᠃ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠶᠢ ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ ᠬᠦᠴᠦᠯᠡᠬᠦ ᠶᠢ | ᠪᠠᠷᠢᠮᠲᠠᠯᠠᠵᠤ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠶᠢᠨ | ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ ᠬᠡᠷᠡᠭᠴᠡᠭᠡ ᠶᠢᠨ ᠭᠤᠣᠯ | ᠬᠥᠳᠡᠯᠭᠡᠬᠦ ᠬᠦᠴᠦᠨ ᠤ ᠰᠠᠭᠤᠷᠢᠨ ᠳᠡᠭᠡᠷ᠎ᠡ ᠪᠠᠶᠢᠭᠤᠯᠵᠤ᠂ ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠵᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ | ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ ᠦᠢᠯᠡᠳᠪᠦᠷᠢᠯᠡᠯ ᠤᠨ | ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ | ᠴᠢᠩᠭᠠᠷᠠᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ | ᠰᠠᠶᠢᠨ ᠬᠤᠷᠰᠢᠯᠴᠠᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ | ᠬᠥᠭᠵᠢᠯᠲᠡ ᠪᠠ ᠠᠮᠤᠷ ᠲᠦᠪᠰᠢᠨ ᠢ ᠬᠥᠳᠡᠯᠦᠩᠭᠦᠢ ᠲᠡᠩᠴᠡᠭᠦᠷᠢᠲᠡᠢ ᠪᠠᠶᠢᠯᠭᠠᠵᠤ᠂ ᠬᠠᠮᠵᠢᠨ ᠬᠠᠪᠰᠤᠷᠤᠯᠴᠠᠵᠤ ᠬᠠᠷᠢᠯᠴᠠᠨ | ᠲᠤᠪᠤᠶᠢᠯᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ | ᠬᠠᠮᠤᠭ ᠤᠨ ᠶᠡᠭᠡ ᠤᠯᠤᠰ ᠲᠦᠷᠦ ᠪᠤᠯᠭᠠᠵᠤ᠂ ᠨᠠᠮ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠮᠤᠭ ᠤᠨ ᠥᠷᠭᠡᠨ | ᠤᠯᠠᠨ ᠠᠷᠠᠳ ᠲᠦᠮᠡᠨ ᠲᠠᠢ ᠪᠦᠯᠬᠦᠮᠳᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ | ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ | ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠵᠦ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ | ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ | ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠵᠢᠱᠢᠯᠲᠡ ᠶᠢ | ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠢ | ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ᠂ ᠭᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠳᠠᠪᠰᠢᠵᠤ᠂ | ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠤᠷᠸ᠎ᠠ ᠲᠦᠷᠦ ᠶᠢᠨ | ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ | ᠴᠢᠩᠭᠠᠳᠬᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠬᠦᠴᠦᠯᠡᠵᠦ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠣᠷᠣᠨ | ᠵᠠᠢ ᠶᠢ ᠰᠠᠶᠢᠲᠤᠷ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ | ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠬᠥᠷᠥᠩᠭᠡ ᠮᠥᠩᠭᠦ ᠪᠣᠯᠭᠠᠨ | ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠪᠠᠷ ᠥᠷᠭᠡᠳᠬᠡᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ | ᠳᠡᠮᠵᠢᠬᠦ ᠬᠡᠷᠡᠭᠲᠡᠢ᠃ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠡᠳ᠋ ᠤᠨ ᠵᠠᠰᠠᠭ ᠤᠨ ᠦᠷᠭᠦᠯᠵᠢᠯᠡᠬᠦ | ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ | ᠠᠷᠪᠢᠯᠠᠵᠤ ᠠᠮᠢᠳᠤᠷᠠᠬᠤ ᠳᠠᠳᠬᠠᠯ ᠲᠠᠢ ᠪᠠᠶᠢᠬᠤ ᠬᠡᠷᠡᠭᠲᠡᠢ᠃ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠤᠨᠤᠪᠴᠢᠲᠠᠢ ᠪᠥᠭᠡᠳ | ᠪᠦᠲᠦᠮᠵᠢᠲᠡᠢ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ᠂ | ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ | ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠵᠣᠬᠢᠴᠠᠯᠳᠤᠬᠤ ᠶᠢ ᠪᠠᠲᠤᠯᠠᠬᠤ | ᠬᠡᠷᠡᠭᠲᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ | ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠨᠥᠭᠡᠴᠡ ᠶᠢ ᠠᠮᠢᠳᠤᠯᠢᠭᠵᠢᠭᠤᠯᠵᠤ ᠂ ᠦᠷ᠎ᠡ ᠠᠰᠢᠭ ᠢ ᠳᠡᠭᠡᠭᠰᠢᠯᠡᠭᠦᠯᠦᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ | ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠬᠢ ᠳᠡᠮᠵᠢᠯᠭᠡ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ | ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ | ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ᠃ ᠡᠳ᠋ ᠤᠨ | ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ ᠪᠣᠳᠣᠯᠭ᠎ᠠ ᠶᠢ ᠬᠤᠷᠸ᠎ᠠ ᠲᠦᠷᠦ ᠶᠢᠨ ᠪᠣᠳᠣᠯᠭ᠎ᠠ ᠶᠢᠨ | ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠳᠤ ᠣᠷᠣᠭᠤᠯᠵᠤ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠡᠢ | ᠲᠥᠯᠦᠪᠵᠢᠭᠦᠯᠭᠡ ᠶᠢ ᠴᠢᠩᠭᠠᠳᠬᠠᠨ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠢ ᠭᠡᠭᠡᠨ ᠰᠠᠷᠠᠭᠤᠯ ᠤᠨᠤᠯ ᠢ ᠬᠠᠩᠭᠢᠨᠠᠭᠤᠯᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠶᠢ | ᠲᠣᠪᠤᠶᠢᠯᠭᠠᠨ ᠵᠠᠩᠭᠢᠯᠠᠭ᠎ᠠ ᠶᠢ ᠡᠵᠡᠮᠳᠡᠵᠦ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠨᠢᠭᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠢᠯᠠᠩᠭᠤᠶ᠎ᠠ | ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ ᠦᠢᠯᠡᠰ᠂ ᠰᠢᠨ᠎ᠡ ᠵᠠᠭᠪᠤᠷ᠂ | ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠦᠢᠯᠡᠳᠬᠦ | ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ | ᠬᠡᠷᠡᠭᠵᠢᠭᠦᠯᠵᠦ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ᠂ | ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠲᠦᠷᠭᠡᠳᠬᠡᠨ | ᠠᠬᠢᠭᠤᠯᠬᠤ ᠬᠡᠷᠡᠭᠲᠡᠢ᠃ ᠠᠮᠢᠳᠤ ᠪᠣᠳᠠᠰ ᠤᠨ ᠦᠢᠯᠡᠳᠬᠡᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ | ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠨᠦᠭᠦᠳ ᠢ ᠪᠤᠶ | ᠪᠤᠯᠭᠠᠵᠤ᠂ ᠺᠸᠠᠨ᠋ᠲ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠲᠣᠭᠠᠨ ᠤ ᠤᠬᠠᠭᠠᠨ ᠪᠠ ᠣᠶᠤᠨ ᠤ ᠮᠡᠷᠭᠡᠵᠢᠯ᠂ ᠪᠣᠬᠢᠷᠳᠤᠯ ᠦᠭᠡᠢ ᠮᠡᠷᠭᠡᠵᠢᠯ ᠢ | ᠥᠷᠭᠡᠨ ᠢᠶᠠᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠬᠦ ᠬᠡᠷᠡᠭᠲᠡᠢ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ ᠢ ᠴᠢᠩᠭᠠᠳᠬᠠᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠬᠤ ᠬᠡᠷᠡᠭᠲᠡᠢ᠃ ᠦᠢᠯᠡᠰ ᠪᠣᠰᠬᠠᠬᠤ ᠪᠡᠯᠡ ᠣᠷᠣᠭᠤᠯᠤᠯᠲᠠ᠂ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠲᠠᠯᠳᠠ | ᠴᠢᠳᠠᠪᠤᠷᠢ ᠲᠠᠢ ᠬᠡᠷᠡᠭᠯᠡᠭᠡ ᠶᠢ ᠬᠥᠭᠵᠢᠭᠡᠵᠦ᠂ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ᠂ ᠬᠡᠷᠡᠭᠯᠡᠭᠡ ᠪᠠ | ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ ᠬᠡᠷᠡᠭᠯᠡᠭᠡ ᠶᠢᠨ | ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠰᠢᠯᠵᠢᠭᠦ ᠶᠢ ᠠᠬᠢᠭᠤᠯᠵᠤ᠂ ᠰᠢᠨ᠎ᠡ | ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠬᠡᠷᠡᠭᠯᠡᠭᠡ᠂ ᠪᠣᠬᠢᠷᠳᠤᠯ ᠦᠭᠡᠢ | ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠣᠶᠤᠨᠲᠤ ᠭᠡᠷ ᠤᠨ ᠬᠡᠷᠡᠭᠰᠡᠯ᠂ ᠰᠣᠶᠣᠯ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭᠠᠨ ᠤ ︽ᠴᠠᠭ ᠤᠨ ᠤᠷᠤᠰᠬᠠᠯᠲᠤ ᠦᠢᠯᠡᠳᠬᠦᠨ︾ | ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠤᠯᠠᠮᠵᠢᠯᠠᠯᠲᠤ ᠬᠡᠷᠡᠭᠯᠡᠭᠡ ᠶᠢ | ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ | ᠲᠠᠸᠠᠷ ᠤᠨ ᠬᠡᠷᠡᠭᠯᠡᠭᠡ ᠶᠢ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠮᠡᠷᠭᠡᠵᠢᠯ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠬᠥᠲᠥᠯᠥᠮᠵᠢ ᠪᠤᠯᠭᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠠᠶᠢᠴᠢᠯᠠᠨ ᠶᠡᠬᠡᠰᠬᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠵᠤ ᠪᠣᠬᠢᠷᠳᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠰᠢᠨ᠎ᠡ | ᠬᠥᠳᠡᠯᠭᠡᠬᠦ ᠡᠨᠧᠷᠭᠢ ᠶᠢ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ | ᠲᠣᠭᠲᠠᠴᠠ ᠶᠢ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ | ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ | ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ︾ ᠶᠢᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠳᠬᠠᠨ᠂ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠭᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ | ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠦᠴᠦᠨ ᠵᠦᠢᠯ ᠢ ᠣᠯᠬᠤ᠂ ᠭᠤᠤᠯᠴᠢ ᠪᠠᠷ ᠬᠠᠤᠯᠢ ᠬᠡᠷᠡᠭᠵᠢᠭᠦᠯᠬᠦ᠂ | ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠳᠤᠮᠳᠠ ᠪᠠᠭ᠎ᠠ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠᠭᠠᠢ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ | ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ ᠬᠡᠷᠡᠭᠲᠡᠢ᠃ | ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠰᠢᠨ᠎ᠡ | ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ ᠪᠣᠶᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ | ᠦᠨᠳᠦᠰᠦᠨ ᠪᠠᠶᠢᠳᠠᠯ ᠢ ᠪᠠᠬᠢᠵᠢᠭᠦᠯᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ | ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ | ᠥᠷᠭᠡᠳᠬᠡᠬᠦ ᠬᠡᠷᠡᠭᠲᠡᠢ᠃ ᠴᠠᠭᠢᠯᠭᠠᠨ ᠬᠤᠯᠪᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ | ᠠᠷᠠᠯᠵᠢᠶᠠᠨ ᠤ ᠳᠦᠷᠢᠮ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠦᠷᠭᠦᠯᠵᠢᠯᠡᠨ ᠪᠠᠶᠢᠭᠤᠯᠵᠤ᠂ ︽ᠪᠡᠯᠡ ᠣᠷᠣᠭᠤᠯᠤᠯᠲᠠ ᠶᠢᠨ ᠳᠤᠮᠳᠠᠳᠤ ᠤᠯᠤᠰ︾ ᠤᠨ ᠲᠥᠷᠥᠯ ᠲᠡᠮᠳᠡᠭ ᠢ | ᠪᠤᠶ ᠪᠤᠯᠭᠠᠬᠤ ᠬᠡᠷᠡᠭᠲᠡᠢ᠃ ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠢᠬᠦ᠂ ᠰᠤᠷᠤᠯᠴᠠᠬᠤ | ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠰᠠᠶᠢᠲᠤᠷ ᠠᠳᠬᠤᠵᠤ᠂ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠪᠤᠯᠪᠠᠴᠤ ᠪᠦᠷᠢᠨ | ᠴᠢᠳᠠᠮᠵᠢᠲᠤ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ | ᠠᠷᠢᠯᠭᠠᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠪᠠᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠠᠶᠤᠯ | ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ | ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠨᠢᠭᠡ ᠯᠡ | ᠠᠳᠠᠯᠢ ᠪᠠᠷ ᠬᠠᠩᠭᠠᠵᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ | ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠬᠤᠳᠠ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠵᠡᠷᠭᠡ ︽ᠭᠤᠷᠪᠠᠨ ᠶᠡᠭᠡ ᠢᠨᠵᠧᠨᠧᠷᠢᠩ︾ ᠢ | ᠲᠦᠷᠭᠡᠳᠬᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠭᠡᠷ | ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠣᠷᠣᠨ | ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠲᠣᠮᠣ ᠮᠤᠵᠢ ᠦᠨᠡᠨ ᠬᠦ ᠴᠢᠬᠤᠯᠠ ᠡᠭᠦᠷᠭᠡ ᠶᠢ ᠡᠭᠦᠷᠭᠡᠯᠡᠵᠦ᠂ ᠪᠦᠭᠦ | ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ | ᠵᠢᠷᠭᠤᠭ᠎ᠠ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ | ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠪᠠᠲᠤ ᠡᠵᠡᠮᠳᠡᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ | ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠮᠡᠳᠡᠷᠡᠵᠦ ᠬᠦᠷᠲᠡᠵᠦ ᠪᠣᠯᠬᠤᠶᠢᠴᠠ ᠨᠢᠭᠡ ᠪᠦᠯᠦᠭ | ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠠᠮᠤᠷ ᠲᠦᠪᠰᠢᠨ ᠤ ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ | ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ | ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ | ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠬᠥᠳᠡᠭᠡ ᠠᠵᠤ ᠠᠬᠤᠢ ᠶᠢ | ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠡᠯᠧᠮᠧᠨ᠋ᠲ ᠤᠨ | ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ ᠶᠢ ᠰᠢᠨᠡᠳᠬᠡᠬᠦ ᠠᠵᠢᠯᠯᠠᠭ᠎ᠠ ᠶᠢ | ᠬᠡᠷᠡᠭᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠶᠢ ᠴᠣᠭᠴᠠᠯᠠᠨ | ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ | ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ᠃ | ᠨᠠᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ | ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ | ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠬᠠᠮᠲᠤ ᠶᠢᠨ ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ | ᠣᠷᠴᠢᠯᠳᠤᠭᠤᠯᠬᠤ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠠᠮᠤᠷ | ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠶᠢᠰᠦ ᠳᠤ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ | ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠵᠤ᠂ | ᠣᠨᠣᠴᠠᠲᠠᠢ ᠪᠠᠲᠤᠯᠠᠵᠤ᠂ ᠪᠠᠲᠤ ᠪᠠᠬᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠨᠠᠩ ᠳᠣᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ | ᠰᠦᠯᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠬᠦ | ᠬᠡᠷᠡᠭᠲᠡᠢ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ | ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ ᠠᠰᠢᠭᠲᠠᠢ | ᠨᠥᠬᠦᠴᠡᠯ ᠢ ᠠᠰᠢᠭᠯᠠᠵᠤ᠂ ᠦᠵᠡᠵᠦ ᠲᠣᠭᠲᠠᠪᠠᠯ ᠱᠠᠯᠠᠪᠳᠠᠨ ᠬᠢᠵᠦ᠂ ᠢᠯᠡᠭᠦᠦ ᠬᠢᠵᠦ ᠳᠡᠶᠢᠯᠪᠡᠯ ᠢᠯᠡᠭᠦᠬᠡᠨ ᠬᠢᠵᠦ᠂ ᠲᠤᠰ | ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ | ᠠᠷᠭᠠᠴᠠᠭᠠᠬᠤ ᠪᠠᠷ ᠴᠢᠷᠮᠠᠶᠢᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠷᠳᠤᠴᠠ ᠪᠣᠯᠣᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ | ᠲᠥᠷᠥᠭᠳᠡᠯ᠂ ᠠᠵᠤ ᠠᠬᠤᠢ ᠶᠢ ᠬᠥᠭᠵᠢᠭᠦᠯᠬᠦ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠣᠯᠣᠨ | ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ᠂ ᠠᠵᠤ ᠠᠬᠤᠢ ᠶᠢᠨ ᠰᠡᠷᠭᠦᠨ | ᠰᠠᠶᠢᠵᠢᠷᠠᠬᠤ ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠢᠷᠡᠬᠦ ᠵᠢᠯ ᠤᠨ ᠠᠵᠤ | ᠠᠬᠤᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠲᠠᠯ᠎ᠠ ᠪᠠᠷ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠮ ᠦᠢᠯᠡᠳᠦᠯ ᠢ ᠶᠡᠬᠡᠰᠬᠡᠵᠦ᠂ | ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ ᠢᠯᠡᠭᠦᠴᠡ | ᠬᠡᠮᠵᠢᠶ᠎ᠡ ᠶᠢ ᠦᠯᠡᠳᠡᠭᠡᠨ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ | ᠴᠢᠬᠤᠯᠠᠴᠢᠯᠠᠵᠤ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠬᠤᠷᠸ᠎ᠠ ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠢᠯ ᠢ ᠠᠬᠢᠭᠤᠯᠬᠤ ᠠᠷᠭ᠎ᠠ | ᠭᠡᠯᠪᠡᠷᠢ ᠶᠢ ᠴᠢᠬᠤᠯᠠᠴᠢᠯᠠᠵᠤ᠂ ᠭᠤᠣᠯ ᠵᠥᠷᠢᠴᠡᠯ ᠢ ᠠᠳᠬᠤᠵᠤ᠂ ᠪᠣᠭᠤᠮᠢ ᠬᠢᠵᠠᠭᠠᠷᠯᠠᠯ ᠢ ᠰᠢᠪᠲᠤᠯᠵᠤ᠂ ᠤᠷᠢᠳᠠᠴᠢ | ᠪᠠᠶᠢᠷᠢᠰᠢᠭᠤᠯᠤᠯᠲᠠ ᠶᠢ ᠴᠢᠬᠤᠯᠠᠴᠢᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠢᠮᠠᠭᠲᠠ ᠪᠠᠲᠤᠯᠠᠵᠤ᠂ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠮᠵᠢᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠲᠥᠯᠬᠦ ᠴᠢᠨᠠᠷ᠂ ᠬᠥᠰᠢᠭᠦᠷᠭᠡ ᠶᠢᠨ ᠴᠢᠨᠠᠷ ᠢᠶᠠᠷ ᠴᠢᠩᠭ᠎ᠠ ᠠᠵᠢᠯ ᠤᠨ | ᠭᠠᠷᠳᠠᠴᠠ ᠶᠢ ᠢᠳᠡᠪᠬᠢᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠵᠤ ᠠᠬᠤᠢ ᠶᠢᠨ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠳᠬᠤᠵᠤ᠂ | ᠡᠴᠦᠰ ᠤᠨ ᠦᠷ᠎ᠡ ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠣᠷᠢᠯᠲᠠ ᠳᠤ ᠨᠡᠶᠢᠴᠡᠬᠦ ᠶᠢ | ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠬᠢᠷᠠᠮᠵᠢᠲᠠᠢ ᠴᠠᠭ | ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ᠃ ᠦᠨᠡᠨ | ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠬᠤ | ᠬᠡᠷᠡᠭᠲᠡᠢ᠃ ᠵᠣᠷᠢᠭᠲᠠᠢ ᠪᠠᠷ ᠬᠢᠵᠦ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠮᠥᠨ | ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠢᠳᠡᠪᠬᠢᠵᠢᠯ | ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠬᠠᠮᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ | ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠤᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠰᠦᠭᠡᠢ ᠭᠡᠵᠦ ᠤᠷᠢᠶᠠᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |