ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠣᠣ ᠬᠤᠩ ᠵᠢᠶᠦ᠋ᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/12/17
   12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠵᠣᠣ ᠬᠤᠩ ᠵᠢᠶᠦ᠋ᠨ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ  ᠢᠷᠡᠵᠦ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠵᠢᠴᠢ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠦᠢ ᠿᠦᠩ ᠬᠤᠸᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠵᠢᠴᠢ ᠠᠶᠢᠮᠠᠭ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠳᠤ᠂ ᠵᠤᠤ ᠬᠤᠩ ᠵᠢᠶᠦ᠋ᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠡᠮᠡᠭᠲᠡᠶᠢᠴᠦᠳ ᠲᠤ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠢ ᠳᠠᠭᠠᠭᠤᠯᠤᠨ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠡᠷᠡᠮᠡᠬᠡᠶᠢᠯᠡᠨ ᠲᠡᠮᠡᠴᠡᠭᠴᠢ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ ᠭᠡᠵᠡᠢ᠃       ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠮᠡᠭᠲᠡᠶᠢᠴᠦᠳ ᠤᠨ ᠡᠷᠬᠡ ᠠᠰᠢᠭ ᠤᠨ ᠲᠤᠬᠠᠢ ᠶᠠᠷᠢᠯᠴᠠᠬᠤ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠣᠷᠤᠭ ᠭᠡᠷ ᠪᠦᠯᠢ᠂ ᠰᠡᠳᠬᠢᠴᠡ ᠶᠢᠨ ᠡᠷᠡᠭᠦᠯ ᠮᠡᠨᠳᠦ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ᠂ ᠡᠮᠡᠭᠲᠡᠶᠢᠴᠦᠳ ᠤᠨ ᠡᠷᠬᠡ ᠠᠰᠢᠭ ᠵᠡᠷᠭᠡ ᠣᠯᠠᠨ ᠲᠦᠮᠡᠨ ᠤ ᠬᠠᠯᠠᠭᠤᠨ ᠢᠶᠠᠷ ᠠᠩᠬᠠᠷᠴᠤ ᠪᠠᠶᠢᠭ᠎ᠠ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠣᠯᠠᠨ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ ᠰᠢᠢᠳᠪᠦᠷᠢᠯᠡᠭᠰᠡᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠲᠠᠯ᠎ᠠ ᠶᠢᠨ ᠠᠰᠠᠭᠤᠳᠠᠯ ᠤᠨ ᠲᠣᠭᠤᠷᠢᠨ ᠳᠤ᠂ ᠠᠷᠭ᠎ᠠ ᠪᠣᠳᠣᠯᠭ᠎ᠠ ᠪᠠᠨ ᠠᠭᠤᠵᠢᠷᠠᠲᠠᠯ᠎ᠠ ᠶᠠᠷᠢᠯᠴᠠᠵᠤ᠂ ᠪᠣᠳᠣᠯ ᠰᠠᠨᠠᠯ ᠢᠶᠠᠨ ᠰᠣᠯᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃    ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ ᠺᠧ ᠨᠡᠶᠢᠭᠡᠮ ᠲᠣᠭᠤᠷᠢᠭ ᠢᠶᠠᠷ ᠲᠣᠭᠤᠷᠢᠨ ᠦᠵᠡᠵᠦ᠂ ᠣᠷᠤᠭ ᠬᠤᠷᠢᠮ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠣᠣ ᠬᠤᠩ ᠵᠢᠶᠦ᠋ᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠤᠭᠤᠳ ᠶᠡᠭᠡ ᠲᠠᠯ᠎ᠠ ᠳᠤ ᠦᠢᠯᠡᠴᠢᠯᠡᠬᠦ᠂ ᠡᠮᠡᠭᠲᠡᠶᠢᠴᠦᠳ ᠲᠤ ᠦᠢᠯᠡᠴᠢᠯᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠣᠷᠤᠭ ᠭᠡᠷ ᠪᠦᠯᠢ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠭᠡᠷ ᠤᠨ ᠰᠤᠷᠲᠠᠯ ᠭᠡᠷ ᠤᠨ ᠰᠤᠷᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠢ ᠨᠠᠩ ᠡᠷᠡᠭᠦᠯ ᠴᠢᠭᠢᠷᠠᠭ᠂ ᠨᠠᠩ ᠵᠣᠯ ᠵᠢᠷᠭᠠᠯ ᠲᠠᠢ᠂ ᠨᠠᠩ ᠨᠡᠷ᠎ᠡ ᠬᠦᠨᠳᠦ ᠲᠠᠢ ᠠᠮᠢᠳᠤᠷᠠᠭᠤᠯᠵᠤ᠂ ᠥᠷᠭᠡᠨ ᠣᠯᠠᠨ ᠡᠮᠡᠭᠲᠡᠶᠢᠴᠦᠳ ᠤᠨ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠵᠢᠳᠬᠦᠯ ᠪᠠᠶᠢᠭᠤᠯᠬᠤ ᠶᠢ ᠴᠢᠷᠮᠠᠶᠢᠨ ᠠᠬᠢᠭᠤᠯᠤᠨ᠎ᠠ ᠭᠡᠵᠦ ᠢᠯᠡᠷᠬᠡᠶᠢᠯᠡᠵᠡᠢ ᠃ ᠰᠢᠨ᠎ᠡ ᠪᠠᠶᠢᠳᠠᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠢ ᠭᠦᠨᠵᠡᠭᠡᠢ ᠬᠢᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠮᠤᠷᠬᠤ ᠬᠡᠪᠴᠢᠶ᠎ᠡ ᠪᠠ ᠠᠰᠢᠭ ᠬᠦᠷᠳᠡᠬᠦ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠡᠮᠡᠭᠲᠡᠶᠢᠴᠦᠳ ᠤᠨ ᠦᠢᠯᠡᠰ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号