ᠴᠠᠷᠠᠰᠤᠨ ᠪᠠᠯᠭᠠᠰᠤᠨ ᠤ ᠶᠦᠩ ᠰᠢᠩ ᠭᠠᠴᠠᠭ᠎ᠠ ᠡᠮᠡᠭᠲᠡᠶᠢᠴᠦᠳ ᠤᠨ ᠭᠠᠷ ᠤᠷᠠᠯᠠᠯ ᠤᠨ ᠡᠪᠡᠰᠦᠨ ᠭᠦᠷᠦᠮᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2023/12/2
   ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠤᠨ ᠭᠠᠷ ᠤᠷᠠᠯᠠᠯ ᠤᠨ ᠨᠡᠬᠡᠮᠡᠯ ᠤᠨ ᠦᠢᠯᠡᠰ ᠢ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ ᠡᠮᠡᠭᠲᠡᠶᠢᠴᠦᠳ ᠤᠨ ᠠᠵᠢᠯ ᠣᠯᠬᠤ ᠳᠤ ᠬᠦᠴᠢᠷᠲᠡᠢ᠂ ᠣᠷᠣᠯᠭ᠎ᠠ ᠪᠠᠨ ᠨᠡᠮᠡᠭᠳᠡᠭᠦᠯᠬᠦ ᠳᠤ ᠬᠦᠴᠢᠷᠲᠡᠢ᠂ ᠪᠠᠶᠠᠵᠢᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠴᠦᠲᠦ ᠡᠪᠡᠰᠦ ᠶᠢ ᠤᠯᠠᠮᠵᠢᠯᠠᠨ ᠵᠠᠯᠭᠠᠮᠵᠢᠯᠠᠬᠤ ᠭᠠᠷ ᠤᠷᠠᠯᠠᠯ ᠤᠨ ᠪᠦᠲᠦᠭᠡᠭᠳᠡᠬᠦᠨ ᠤ ᠲᠤᠰᠬᠠᠢ ᠬᠤᠷᠰᠢᠶ᠎ᠠ ᠲᠠᠢ ᠬᠠᠮᠲᠤᠷᠠᠨ ᠴᠠᠷᠠᠰᠤᠨ ᠪᠠᠯᠭᠠᠰᠤᠨ ᠤ ᠶᠦᠩ ᠰᠢᠩ ᠭᠠᠴᠠᠭ᠎ᠠ ᠳᠤ ᠡᠮᠡᠭᠲᠡᠶᠢᠴᠦᠳ ᠤᠨ ᠭᠠᠷ ᠤᠷᠠᠯᠠᠯ ᠤᠨ ᠡᠪᠡᠰᠦᠨ ᠭᠦᠷᠦᠮᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠪᠡ᠃     ᠪᠣᠯᠪᠠᠰᠤᠷᠠᠭᠤᠯᠤᠯ ᠤᠨ ᠲᠤᠬᠠᠢ ᠶᠢᠨ ᠲᠠᠯᠠᠪᠤᠷ ᠲᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠺᠲ᠋ᠣᠷ ᠣᠷᠣᠨ ᠲᠤᠭ᠎ᠠ ᠶᠢᠨ ᠠᠷᠭ᠎ᠠ ᠪᠠᠷᠢᠯ᠂ ᠣᠷᠣᠨ ᠲᠤᠭ᠎ᠠ ᠶᠢᠨ ᠪᠠᠷᠢᠮᠵᠢᠶ᠎ᠠ᠂ ᠮᠠᠲ᠋ᠧᠷᠢᠶᠠᠯ ᠤᠨ ᠬᠡᠷᠡᠭᠯᠡᠯᠲᠡ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠪᠠ ᠵᠢᠱᠢᠶ᠎ᠡ ᠦᠵᠡᠭᠦᠯᠵᠦ᠂ ᠰᠤᠷᠤᠭᠴᠢᠳ ᠲᠤ ᠣᠶᠢᠯᠠᠭᠠᠭᠤᠯᠵᠤ᠂ ᠰᠠᠶᠢᠨ ᠨᠠᠶᠢᠷᠠᠭᠤᠯᠵᠤ ᠴᠢᠳᠠᠬᠤ ᠪᠣᠯᠭᠠᠵᠠᠢ᠃ ᠰᠤᠷᠤᠭᠴᠢᠳ ᠬᠠᠷᠢᠯᠴᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠭᠠᠷ ᠲᠠᠬᠢ ᠡᠷᠳᠡᠨᠢ ᠰᠢᠰᠢ ᠶᠢᠨ ᠨᠠᠪᠴᠢ ᠪᠠᠨ ᠨᠠᠷᠢᠯᠢᠭ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠪᠣᠯᠭᠠᠨ ᠨᠠᠶᠢᠷᠠᠭᠤᠯᠵᠤ᠂ ᠨᠠᠶᠢᠷᠠᠭᠤᠯᠤᠨ ᠵᠣᠬᠢᠶᠠᠭᠰᠠᠨ ᠡᠪᠡᠰᠦᠨ ᠤᠷᠠᠯᠠᠯ ᠤᠨ ᠪᠦᠲᠦᠭᠡᠭᠳᠡᠬᠦᠨ ᠢᠶᠠᠨ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠪᠣᠯᠣᠨ᠎ᠠ᠃     ᠲᠣᠰ ᠤᠳᠠᠭᠠᠨ ᠤ ᠡᠬᠡ ᠨᠣᠣᠷᠠᠭ ᠤᠨ ᠪᠣᠯᠪᠠᠰᠤᠷᠠᠭᠤᠯᠤᠯ ᠨᠢ ᠡᠮᠡᠭᠲᠡᠶᠢᠴᠦᠳ ᠲᠤ ᠰᠢᠨ᠎ᠡ ᠤᠷ᠎ᠠ ᠮᠡᠷᠭᠡᠵᠢᠯ  ᠢ ᠡᠵᠡᠮᠰᠢᠬᠦ᠂ ᠣᠷᠣᠯᠭ᠎ᠠ ᠪᠠᠨ ᠨᠡᠮᠡᠭᠳᠡᠭᠦᠯᠬᠦ ᠲᠠᠪᠴᠠᠩ ᠬᠠᠩᠭᠠᠵᠤ᠂ ᠲᠡᠳᠡᠨ  ᠢ ᠦᠨᠡᠨ ᠬᠦ ᠬᠠᠪᠰᠤᠷᠴᠤ ᠪᠠᠶᠢᠭᠠᠳ ᠭᠡᠷ ᠤᠨ ᠡᠭᠦᠳᠡᠨ ᠳᠤᠨᠢ ᠠᠮᠢᠳᠤᠯᠢᠭ ᠢᠶᠠᠷ ᠠᠵᠢᠯ ᠣᠯᠭᠤᠭᠰᠠᠨ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号