ᠰᠦᠨ ᠱᠤ᠋ ᠲᠤᠸ 2023 ᠣᠨ ᠤ ᠬᠤᠰᠢᠭᠤᠨ ᠤ ᠨᠠᠮ ᠤᠨ ᠬᠤᠷᠢᠶᠠᠨ ᠤ ᠵᠥᠪᠯᠡᠯᠭᠡᠨ ᠤ ᠴᠡᠷᠢᠭ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/20
   12 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋  ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ 2023 ᠣᠨ ᠤ ᠨᠠᠮ ᠤᠨ ᠬᠤᠷᠢᠶᠠᠨ ᠤ ᠵᠥᠪᠯᠡᠯᠭᠡᠨ ᠤ ᠴᠡᠷᠢᠭ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠣᠣ ᠱᠧ ᠵᠢᠶᠦ᠋ᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠶᠣᠣ ᠢᠦᠢ ᠰᠧᠨ ᠵᠢᠴᠢ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠭᠡᠰᠢᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ  ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶ᠎ᠠ᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠦᠬᠡ ᠶᠢᠨ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠯᠡᠭᠡ︾ ᠶᠢ ᠤᠯᠠᠮᠵᠢᠯᠠᠵᠤ᠂ ᠪᠥᠬᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠤᠰᠬᠠᠢ ᠵᠠᠷᠤᠳᠠᠯ ᠢ ᠨᠡᠮᠡᠭᠳᠡᠭᠦᠯᠬᠦ ᠵᠡᠷᠭᠡ ᠶᠠᠪᠤᠳᠠᠯ ᠢ ᠰᠤᠳᠤᠯᠵᠠᠢ     ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ᠂ ᠤᠯᠤᠰ ᠲᠥᠷᠥ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠳᠤ ᠬᠤᠯᠪᠣᠭᠳᠠᠵᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠣᠯᠣᠨ ᠰᠢ ᠶᠢᠨ ᠫᠢᠩ  ᠤᠨ ᠴᠡᠷᠢᠭ  ᠢ ᠬᠦᠴᠦᠷᠬᠡᠭᠵᠢᠭᠦᠯᠬᠦ ᠦᠵᠡᠯ ᠰᠠᠨᠠᠭ᠎ᠠ  ᠶᠢ ᠭᠦᠨᠵᠡᠭᠡᠢ  ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ  ᠢ ᠬᠦᠴᠦᠷᠬᠡᠭᠵᠢᠭᠦᠯᠵᠦ ᠴᠡᠷᠢᠭ  ᠢ ᠮᠠᠨᠳᠤᠭᠤᠯᠬᠤ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠡᠷᠡᠰ  ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ  ᠤ ᠵᠡᠪᠰᠡᠭᠲᠦ ᠬᠦᠴᠦᠨ  ᠤ ᠠᠵᠢᠯ ᠪᠣᠯᠣᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ  ᠤ ᠪᠠᠶᠢᠭᠤᠯᠤᠯᠲᠠ  ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠵᠤ᠂ ᠴᠡᠷᠢᠭ ᠠᠩᠭᠢ ᠣᠷᠣᠨ ᠨᠤᠲᠤᠭ  ᠤᠨ ᠬᠢᠨ ᠰᠡᠳᠬᠢᠯ  ᠢᠶᠠᠨ ᠨᠢᠭᠡᠳᠬᠡᠬᠦ᠂ ᠴᠢᠭᠯᠡᠯ  ᠢᠶᠠᠷ ᠬᠦᠴᠦᠯᠡᠬᠦ  ᠶᠢ ᠪᠠᠷᠢᠮᠲᠠᠯᠠᠵᠤ᠂ ︽ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤ︾  ᠶᠢ ᠴᠢᠷᠮᠠᠶᠢᠨ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠶ᠎ᠠ ᠠᠴᠠ ᠴᠡᠷᠢᠭ ᠤᠨ ᠶᠠᠪᠤᠳᠠᠯ ᠢ ᠵᠥᠪᠯᠡᠬᠦ᠂ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠬᠦ᠂ ᠬᠤᠣᠰ ᠴᠢᠭᠯᠡᠯ ᠢᠶᠠᠷ ᠲᠤᠰᠢᠶᠠᠯ ᠬᠠᠪᠰᠤᠷᠭᠠᠬᠤ ᠵᠡᠷᠭᠡ ᠦᠨᠳᠦᠰᠦᠨ ᠳᠦᠷᠢᠮ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠴᠡᠷᠢᠭ ᠡᠯᠰᠡᠬᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠤ ᠠᠬᠤᠢ ᠶᠢ ᠠᠳᠬᠤᠬᠤ ᠳᠤ ᠵᠡᠪᠰᠡᠭᠲᠦ ᠬᠦᠴᠦᠨ ᠢ ᠬᠠᠮᠢᠶᠠᠷᠬᠤ ᠶᠢ ᠦᠯᠦ ᠮᠠᠷᠲᠠᠬᠤ᠂ ᠬᠥᠭᠵᠢᠭᠦᠯᠬᠦ ᠪᠠᠷ ᠴᠢᠷᠮᠠᠶᠢᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦᠷᠬᠡᠭᠵᠢᠭᠦᠯᠬᠦ ᠶᠢ ᠦᠯᠦ ᠮᠠᠷᠲᠠᠬᠤ ᠬᠡᠷᠡᠭᠲᠡᠢ᠃ ᠰᠠᠭᠤᠭ᠎ᠠ ᠴᠡᠷᠢᠭ ᠠᠩᠭᠢ ᠪᠣᠯᠣᠨ ᠥᠷᠭᠡᠨ ᠤᠯᠠᠨ ᠡᠷᠦᠬᠡ ᠶᠢᠨ ᠴᠡᠷᠢᠭ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠯᠪᠠᠰᠤᠨ ᠢ ᠡᠭᠦᠳᠦᠨ ᠪᠠᠶᠢᠭᠤᠯᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠢᠳᠡᠪᠬᠢᠲᠡᠢ ᠣᠷᠣᠯᠴᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠠᠪᠠᠭᠤᠯᠢᠭ ᠢ ᠲᠠᠰᠤᠷᠠᠯᠲᠠ ᠦᠭᠡᠢ ᠥᠷᠭᠡᠳᠬᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ᠂ ᠬᠡᠰᠡᠭ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠡᠷᠬᠢᠨ ᠭᠦᠢᠴᠡᠳᠬᠡᠬᠦ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号