ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/20
   12 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ  ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠲᠤᠬᠠᠢ ᠮᠡᠳᠡᠭᠦᠯᠦᠯᠲᠡ ᠶᠢ ᠦᠨᠡᠯᠡᠬᠦ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠵᠠᠩ ᠨᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠤᠨ ᠲᠥᠪ ᠤᠨ ᠭᠡᠰᠢᠭᠦᠴᠢ ᠬᠤᠩ ᠰᠢᠩ ᠵᠢᠶᠠᠨ ᠬᠤᠷᠠᠯ ᠳᠤ ᠣᠷᠣᠯᠴᠠᠨ ᠵᠢᠭᠠᠨ  ᠵᠢᠯᠤᠭᠤᠳᠤᠪᠠ ᠃      ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠡᠭᠡ ᠬᠤᠷᠠᠯ ᠢ ᠳᠡᠭᠡᠷ᠎ᠡ ᠳᠤᠷᠠᠳᠤᠭᠰᠠᠨ ᠲᠤᠰᠢᠶᠠᠯ ᠤᠨ ᠮᠡᠳᠡᠭᠦᠯᠦᠯᠲᠡ ᠪᠠ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ  ᠶᠠᠪᠤᠭᠳᠠᠭᠤᠯᠪᠠ᠃ ᠬᠤᠷᠠᠯ  ᠠᠴᠠ ᠡᠯ᠎ᠡ ᠰᠤᠮᠤ ᠰᠢᠶᠠᠩ ᠪᠠᠯᠭᠠᠰᠤ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠬᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠦᠨ ᠱᠤ᠋ ᠲᠤᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠮᠡᠳᠡᠭᠦᠯᠦᠯᠲᠡ ᠪᠠ ᠡᠳᠦᠷ ᠲᠤᠳᠤᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ ᠨᠢᠭᠡᠳ ᠨᠢᠭᠡ ᠪᠠᠷ ᠦᠨᠡᠯᠡᠯᠲᠡ ᠬᠢᠭᠰᠡᠨ ᠪᠠᠶᠢᠨ᠎ᠠ ᠃      ᠰᠦᠨ ᠱᠤ᠋ ᠲᠤᠤ ᠬᠡᠯᠡᠬᠦ ᠳᠡᠭᠡᠨ᠂ ᠡᠨᠡ ᠵᠢᠯ ᠠᠴᠠ ᠨᠠᠰᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠦᠨᠳᠦᠰᠦᠨ ᠱᠠᠲᠤ ᠶᠢ ᠠᠳᠬᠤᠨ᠂ ᠰᠠᠭᠤᠷᠢ ᠶᠢ ᠲᠠᠯᠪᠢᠵᠤ᠂ ᠰᠢᠨ᠎ᠡ ᠶᠢ ᠡᠭᠦᠳᠬᠦ ᠶᠢ ᠠᠳᠬᠤᠨ᠂ ᠰᠢᠪᠲᠤᠯᠤᠯᠲᠠ ᠶᠢ ᠡᠷᠢᠯᠬᠢᠯᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠦᠵᠡᠯ ᠰᠠᠨᠠᠭᠠᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠨᠢᠭᠡᠳᠦᠮᠡᠯ ᠹᠷᠣᠨᠲ ᠤᠨ ᠬᠠᠮᠲᠤᠷᠠᠯ ᠤᠨ ᠬᠦᠴᠦᠨ ᠢ ᠤᠯᠠᠮ ᠡᠷᠴᠢᠮᠲᠡᠢ ᠪᠣᠯᠭᠠᠵᠤ᠂ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠱᠠᠲᠤᠴᠢ ᠴᠢᠨᠠᠷᠲᠠᠢ ᠦᠷ᠎ᠡ ᠪᠦᠲᠦᠭᠡᠯ  ᠤᠯᠵᠠᠢ ᠭᠡᠵᠡᠢ᠃       ᠰᠦᠨ ᠱᠤ᠋ ᠲᠤᠤ ᠴᠢᠬᠤᠯᠠᠴᠢᠯᠠᠭᠰᠠᠨ ᠨᠢ᠂ 2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠢᠷᠡᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠤᠬᠠᠮᠰᠠᠷ  ᠠᠴᠠ ᠪᠠᠨ ᠦᠢᠯᠡᠳᠦᠯᠭᠡᠵᠢᠭᠦᠯᠵᠦ᠂ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠨᠠᠶᠢᠳᠠᠪᠤᠷᠢᠵᠢᠭᠤᠯᠤᠨ᠂ ᠪᠣᠳᠠᠲᠠᠢ ᠠᠵᠢᠯ ᠬᠢᠵᠦ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠰᠦᠨ ᠱᠤ᠋ ᠲᠤᠤ ᠪᠠᠰᠠ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠤᠣᠯ ᠰᠡᠳᠦᠪᠲᠦ ᠬᠥᠮᠦᠵᠢᠯ᠂ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠯᠲᠡ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠵᠠᠩ ᠨᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠪᠡ᠃ ᠬᠤᠸᠠᠩ ᠮᠠᠨ ᠯᠢᠶᠠᠩ᠂ ᠯᠢ ᠹᠠᠩ᠂ ᠮᠠ ᠨᠢᠩ᠂ ᠸᠠᠩ ᠰᠢᠤᠸᠠᠢ ᠸᠧᠢ ᠲᠤᠰ ᠲᠤᠰ ᠶᠡᠷᠦᠩᠬᠡᠶᠢᠯᠡᠭᠰᠡᠨ ᠦᠨᠡᠯᠡᠯᠲᠡ ᠬᠢᠵᠡᠢ᠃ ᠬᠤᠷᠠᠯ ᠳᠤ ᠣᠷᠣᠯᠴᠠᠭᠰᠠᠳ ᠲᠤᠰᠢᠶᠠᠯ ᠤᠨ ᠮᠡᠳᠡᠭᠦᠯᠦᠯᠲᠡ ᠬᠢᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠭᠠᠨ ᠦᠨᠡᠯᠡᠪᠡ᠃    ᠬᠤᠰᠢᠭᠤᠨ ᠤ ᠳᠥᠷᠪᠡᠨ ᠶᠡᠭᠡ ᠪᠠᠭ ᠤᠨ ᠭᠤᠣᠯ ᠤᠳᠤᠷᠢᠳᠤᠯᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠭᠦᠬᠦ ᠬᠤᠷᠢᠶ᠎ᠠ ᠪᠠᠶᠢᠴᠠᠭᠠᠬᠤ ︽ᠬᠤᠶᠠᠷ ᠳᠠᠷᠤᠭ᠎ᠠ︾᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠳᠡᠳ᠋ ᠱᠦᠵᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ ᠤᠨ ᠭᠤᠣᠯ ᠬᠠᠷᠢᠭᠤᠴᠠᠯᠭᠠᠲᠠᠨ᠂ ᠬᠡᠰᠡᠭ ︽ᠬᠤᠶᠠᠷ ᠲᠥᠯᠥᠭᠡᠯᠡᠭᠴᠢ  ᠨᠢᠭᠡ ᠭᠡᠰᠢᠭᠦᠨ︾᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠠ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号