ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ  ᠴᠦᠬᠦᠷᠡᠮ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
  12 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠬᠦᠷᠡᠮ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠡᠮ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠲᠤᠰ ᠲᠤᠰ ᠬᠠᠷᠢᠭᠤ ᠮᠡᠳᠡᠭᠦᠯᠦᠭᠰᠡᠨ ᠤ ᠬᠠᠮᠲᠤ ᠪᠣᠳᠠᠲᠠᠢ ᠲᠠᠢ ᠪᠠᠨ ᠤᠶᠠᠯᠳᠤᠭᠤᠯᠵᠤ᠂ ᠲᠦᠷᠦᠯ ᠵᠦᠢᠯ ᠢ ᠬᠡᠷᠬᠢᠨ ᠨᠡᠩ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠰᠤᠳᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠬᠦᠷᠡᠮ ᠡᠪᠡᠰᠦ ᠪᠡᠯᠴᠢᠭᠡᠷ ᠤᠨ ᠭᠤᠣᠯᠳᠠᠯᠭ᠎ᠠ  ᠲᠠᠢ ᠲᠥᠷᠥᠯ ᠵᠦᠢᠯ ᠪᠣᠯ ᠤᠯᠤᠰ ᠠᠷᠠᠳ ᠲᠤ  ᠪᠦᠷ ᠠᠰᠢᠭᠲᠠᠢ ᠶᠡᠭᠡ ᠶᠠᠪᠤᠳᠠᠯ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠬᠥᠮᠥᠷᠭᠡ ᠶᠢ ᠴᠢᠨᠠᠭᠰᠢᠳᠠ ᠲᠡᠭᠦᠯᠳᠡᠷᠵᠢᠭᠦᠯᠵᠦ᠂ ᠠᠯᠤᠰ ᠬᠡᠳᠤ ᠶᠢᠨ ᠬᠥᠭᠵᠢᠯᠲᠡ ᠶᠢᠨ ᠬᠠᠷᠠᠴᠠ ᠪᠠᠷ ᠪᠦᠬᠦ ᠬᠤᠰᠢᠭᠤᠨ ᠤ ᠶᠡᠭᠡ ᠲᠠᠯ᠎ᠠ ᠳᠤ ᠵᠣᠭᠰᠣᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠨᠢᠭᠡ ᠴᠣᠭᠴᠠᠵᠢᠭᠤᠯᠬᠤ︾ ᠪᠠᠶᠢᠷᠢᠰᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠮᠵᠢᠯᠴᠠᠨ ᠬᠠᠮᠲᠤᠷᠠᠯᠴᠠᠬᠤ᠂ ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠴᠠ ᠶᠢ ᠲᠦᠷᠭᠡᠨ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠡᠮ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠬᠡᠷᠡᠭᠲᠡᠢ᠃ ᠡᠭᠦᠨ ᠤ ᠬᠠᠮᠲᠤ᠂ ᠲᠥᠷᠥᠯ ᠵᠦᠢᠯ ᠢ ᠬᠡᠷᠡᠭᠵᠢᠭᠦᠯᠬᠦ ᠱᠠᠲᠤᠨ ᠳᠤ᠂ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠬᠤ ᠂ ᠰᠡᠭᠦᠯᠴᠢ ᠶᠢᠨ ᠬᠤᠭᠤᠴᠠᠭᠠᠨ ᠤ ᠨᠢᠭᠡ ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠠᠩ ᠰᠠᠶᠢᠲᠤᠷ ᠥᠷᠭᠡᠳᠬᠡᠬᠦ ᠬᠡᠷᠡᠭᠲᠡᠢ ᠬᠡᠵᠡᠢ᠃      
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号