ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ 26 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ ᠂ ᠮᠠᠤ ᠽᠧ | ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ ᠃ | 12 ᠰᠠᠷ᠎ᠠ ᠶᠢᠨ 26 ᠤ ᠡᠳᠦᠷ ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ ᠃ ᠰᠢ ᠶᠢᠨ ᠫᠢᠩ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ | ᠰᠢᠶᠠᠩ ᠂ ᠯᠢ ᠰᠢ ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠡᠷᠡ ᠂ ᠮᠠᠤ ᠽᠧ ᠳ᠋ᠦᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ ᠂ ᠦᠭᠡᠶᠢᠭᠦᠦ ᠠᠩᠭᠢ ᠶᠢᠨ ᠠᠭᠤᠤ | ᠶᠡᠭᠡ ᠬᠤᠪᠢᠰᠬᠠᠯᠴᠢ ᠂ ᠪᠠᠶᠢᠯᠳᠤᠬᠤ ᠪᠣᠳᠣᠯᠭᠠᠲᠠᠨ ᠂ ᠣᠨᠣᠯᠴᠢ ᠮᠥᠨ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠠᠭᠤᠤ ᠶᠡᠭᠡ ᠡᠭᠦᠳᠦᠨ ᠨᠡᠭᠡᠭᠡᠭᠴᠢ ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ | ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ ᠮᠥᠨ ᠂ ᠨᠠᠮ ᠤᠨ ᠨᠢᠭᠡᠳᠦᠭᠡᠷ | ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ ᠂ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ ᠳᠦᠷᠰᠦ ᠪᠠᠶᠢᠳᠠᠯ ᠢᠶᠠᠨ ᠲᠤᠶᠢᠯᠪᠤᠷᠢᠲᠠᠢ | ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ ᠂ ᠳᠡᠯᠡᠬᠡᠢ ᠶᠢᠨ ᠳᠠᠷᠤᠯᠠᠭᠳᠠᠵᠤ ᠪᠠᠶᠢᠭᠰᠠᠨ | ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ | ᠮᠠᠨ ᠤ ᠨᠠᠮ ᠤᠨ ᠡᠷᠬᠢᠮ ᠨᠠᠨᠳᠢᠨ ᠤᠶᠦᠠ ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠢᠢᠯᠠ ᠠᠵᠢᠯᠯᠠᠭ᠎ᠠ ᠶᠢ | ᠤᠷᠳᠦ ᠬᠤᠭᠤᠴᠠᠭ᠎ᠠ ᠪᠠᠷ ᠵᠢᠯᠤᠭᠤᠳᠬᠤ ᠪᠣᠯᠣᠨ᠎ᠠ ᠃ ᠮᠠᠤ ᠽᠧ ᠳ᠋ᠦᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ | ᠠᠷᠭ᠎ᠠ ᠪᠣᠯ ᠳᠠᠷᠤᠢ ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ | ᠪᠣᠯᠣᠨ᠎ᠠ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ | ᠯᠧ ᠵᠢᠢ ᠂ ᠸᠠᠩ ᠬᠤ᠋ ᠨᠢᠩ ᠂ ᠳ᠋ᠢᠩ ᠰᠢᠤᠸᠠᠢ ᠰᠢᠶᠠᠩ ᠂ ᠯᠢ ᠰᠢ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ | ᠶᠠᠷᠢᠯᠴᠠᠬᠤ ᠬᠤᠷᠠᠯ ᠳᠤ ᠣᠷᠣᠯᠴᠠᠵᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ ᠃ | ᠰᠢ ᠶᠢᠨ ᠫᠢᠩ ᠶᠠᠷᠢᠶᠠᠨ ᠳᠠᠭᠠᠨ ᠂ ᠮᠠᠤ ᠽᠧ ᠳ᠋ᠦᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ | ᠬᠦᠴᠦᠷᠬᠡᠭᠵᠢᠯ ᠂ ᠦᠨᠳᠦᠰᠦᠲᠡᠨ ᠤ ᠬᠥᠭᠵᠢᠯ ᠮᠠᠨᠳᠤᠯ ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ | ᠦᠭᠡᠢ ᠲᠡᠮᠡᠴᠡᠭᠰᠡᠨ ᠨᠢᠭᠡ ᠨᠠᠰᠤ ᠮᠥᠨ ᠃ ᠲᠡᠷᠡ ᠠᠷᠠᠳ ᠲᠦᠮᠡᠨ ᠢ ᠳᠠᠭᠠᠭᠤᠯᠤᠨ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠲᠡᠦᠬᠡᠨ ᠠᠬᠢᠴᠠ ᠶᠢ ᠨᠡᠭᠡᠭᠡᠵᠦ ᠂ ᠠᠭᠤᠤ ᠶᠡᠭᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ | ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠵᠤ ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ | ᠳᠤᠮᠳᠠᠳᠤ ᠤᠯᠤᠰ ᠢ ᠪᠠᠶᠢᠭᠤᠯᠵᠤ ᠂ ᠲᠡᠷᠢᠭᠦᠨ ᠤ ᠨᠡᠶᠢᠭᠡᠮ ᠵᠢᠷᠤᠮᠲᠤ ᠪᠠᠶᠢᠭᠤᠯᠤᠯ ᠢ ᠡᠭᠦᠳᠦᠨ ᠪᠠᠶᠢᠭᠤᠯᠵᠤ ᠂ ᠬᠠᠨᠳᠤᠭᠰᠠᠨ | ᠵᠦᠭ ᠳᠠᠶᠢᠰᠤᠨ ᠦᠭᠡᠢ ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠭᠢ ᠶᠢ ᠴᠣᠭᠴᠠᠯᠠᠨ ᠪᠠᠶᠢᠭᠤᠯᠵᠤ ᠂ ᠳᠤᠮᠳᠠᠳᠤ ᠶᠢᠨ | ᠦᠨᠳᠦᠰᠦᠲᠡᠨ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ ᠂ | ᠭᠡᠷᠡᠯ ᠰᠠᠴᠤᠷᠠᠩᠭᠤᠢ ᠥᠨᠢ ᠤᠳᠠᠭᠠᠨ ᠲᠡᠦᠬᠡᠨ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠮᠠᠤ ᠽᠧ ᠳ᠋ᠦᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ ᠲᠦᠮᠡᠨ ᠳᠡᠭᠡᠨ | ᠵᠣᠷᠢᠭᠤᠯᠵᠤ ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ | ᠦᠯᠡᠳᠡᠭᠡᠭᠰᠡᠨ ᠶᠤᠮ ᠃ ᠮᠠᠤ ᠽᠧ ᠳ᠋ᠦᠩ ᠨᠥᠬᠦᠷ ᠨᠢᠭᠡᠨ ᠠᠭᠤᠤ ᠶᠡᠭᠡ ᠬᠤᠪᠢᠰᠬᠠᠯ ᠤᠨ ᠤᠳᠤᠷᠢᠳᠤᠭᠴᠢ ᠶᠢᠨ | ᠥᠨᠳᠥᠷ ᠲᠤ ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ ᠠᠯᠤᠰ ᠤᠨ ᠬᠠᠷᠠᠴᠠ ᠂ ᠡᠷᠡᠰ ᠭᠤᠶᠢᠪᠢᠰᠢ ᠦᠭᠡᠢ | ᠬᠤᠪᠢᠰᠬᠠᠯᠲᠤ ᠢᠲᠡᠭᠡᠯ ᠪᠢᠰᠢᠷᠡᠯ ᠂ ᠵᠣᠷᠢᠭᠲᠠᠢ ᠪᠠᠷ ᠵᠠᠮ ᠨᠡᠭᠡᠭᠡᠬᠦ ᠶᠡᠷᠦ ᠪᠤᠰᠤ ᠶᠢᠨ ᠰᠥᠰᠥ ᠵᠣᠷᠢᠭ ᠂ ᠮᠠᠰᠢ | ᠪᠣᠯᠪᠠᠰᠤᠷᠠᠩᠭᠤᠢ ᠲᠡᠮᠡᠴᠡᠯ ᠤᠨ ᠤᠷᠠᠯᠢᠭ ᠂ ᠰᠢᠯᠭᠠᠷᠠᠭᠰᠠᠨ ᠬᠡᠲᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ ᠂ ᠠᠷᠠᠳ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ ᠂ ᠬᠠᠨᠠᠭᠠᠷ ᠠᠭᠤᠳᠠᠮ ᠬᠡᠬᠦᠳᠡᠭ ᠴᠡᠭᠡᠵᠢ ᠂ | ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠰᠤᠷᠲᠠᠯ ᠢ ᠢᠯᠡᠷᠡᠭᠦᠯᠵᠦ ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ ᠪᠠᠶᠢᠨ᠎ᠠ ᠂ | ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ | ᠭᠡᠵᠦ ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠭᠤᠣᠯ ᠡᠭᠦᠷᠭᠡ ᠪᠣᠯᠣᠨ᠎ᠠ ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠃ ᠰᠢᠨ᠎ᠡ ᠠᠶᠠᠨ ᠳᠠᠭᠠᠨ ᠪᠢᠳᠡ ᠤᠭ ᠰᠠᠨᠠᠭ᠎ᠠ ᠪᠠᠨ | ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ ᠂ | ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ | ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ | ᠲᠦᠮᠡᠨ ᠤ ᠦᠢᠯᠡᠰ ᠮᠥᠨ ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ ᠂ ᠠᠷᠠᠳ ᠲᠦᠮᠡᠨ ᠤ ᠳᠤᠮᠳᠠ | ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ ᠂ ᠪᠦᠭᠦ | ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ ᠃ ᠠᠷᠠᠳ ᠲᠦᠮᠡᠨ | ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠶᠢᠨ ᠪᠣᠳᠠᠰᠴᠢ ᠦᠵᠡᠯ ᠤᠨ | ᠦᠨᠳᠦᠰᠦᠨ ᠦᠵᠡᠯᠲᠡ ᠶᠢ ᠪᠠᠷᠢᠮᠲᠠᠯᠠᠵᠤ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠂ ᠰᠠᠶᠢᠲᠤᠷ | ᠪᠡᠶᠡᠯᠡᠭᠦᠯᠬᠦ ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ | ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ | ᠪᠦᠷᠢᠨᠰᠢᠭᠦᠯᠵᠦ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ ᠂ ᠰᠢᠨ᠎ᠡ ᠴᠠᠭ ᠦᠶ᠎ᠡ ᠶᠢᠨ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ | ᠪᠠᠲᠤᠯᠠᠵᠤ ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ ᠂ ᠢᠮᠠᠭᠲᠠ ᠠᠷᠠᠳ ᠲᠦᠮᠡᠨ ᠲᠠᠢ | ᠠᠮᠢᠰᠬᠤᠭ᠎ᠠ ᠨᠢᠭᠡᠲᠡᠢ ᠂ ᠬᠤᠪᠢ ᠵᠠᠶᠠᠭ᠎ᠠ ᠨᠢᠭᠡᠲᠡᠢ ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ ᠂ ᠬᠠᠮᠤᠭ ᠤᠨ ᠭᠦᠨ ᠵᠤᠵᠠᠭᠠᠨ ᠂ ᠬᠠᠮᠤᠭ ᠤᠨ | ᠤᠳᠠᠭᠠᠨ ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠰᠢ ᠶᠢᠨ ᠫᠢᠩ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠨ ᠬᠥᠭᠵᠢᠭᠦᠯᠵᠦ ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠶᠡᠭᠡ ᠪᠠᠷ | ᠠᠬᠢᠭᠤᠯᠵᠤ ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠢᠶᠠᠷ ᠰᠢᠨ᠎ᠡ | ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ ᠰᠠᠨᠠᠭᠠᠴᠢᠯᠠᠭ᠎ᠠ ᠶᠢ ᠡᠵᠡᠮᠳᠡᠵᠦ ᠂ ᠴᠠᠭ ᠦᠶ᠎ᠡ ᠶᠢᠨ | ᠠᠯᠬᠤᠭ᠎ᠠ ᠶᠢ ᠲᠠᠭᠠᠵᠤ ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ | ᠠᠮᠵᠢᠯᠲᠠ ᠲᠠᠢ ᠠᠷᠭ᠎ᠠ ᠵᠠᠮ ᠮᠥᠨ ᠃ ᠦᠢᠯᠡᠳᠦᠯᠭᠡ ᠬᠡᠵᠢᠶᠡᠳᠡ ᠳᠠᠭᠤᠰᠤᠰᠢ ᠦᠭᠡᠢ ᠂ ᠤᠨᠤᠯ ᠤᠨ ᠰᠢᠨ᠎ᠡ ᠡᠭᠦᠳᠦᠯᠲᠡ | ᠬᠡᠵᠢᠶᠡᠳᠡ ᠳᠠᠭᠤᠰᠤᠰᠢ ᠦᠭᠡᠢ ᠂ ᠦᠨᠡᠨ ᠶᠣᠰᠣ ᠶᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ | ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠦ ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ ᠃ | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ ᠂ | ᠦᠢᠯᠡᠳᠦᠯᠭᠡ ᠳᠤ ᠲᠤᠯᠭᠠᠷᠠᠭᠰᠠᠨ ᠴᠣ ᠰᠢᠨ᠎ᠡ ᠰᠡᠳᠦᠪ ᠢ ᠲᠠᠰᠤᠷᠠᠯᠲᠠ ᠦᠭᠡᠢ ᠬᠠᠷᠢᠭᠤᠯᠵᠤ ᠂ ᠤᠨᠤᠯ ᠤᠨ ᠰᠢᠨ᠎ᠡ | ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃ | | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ ᠃ ᠴᠠᠭ ᠦᠶ᠎ᠡ ᠶᠢᠨ ᠬᠥᠭᠵᠢᠯᠲᠡ ᠶᠢᠨ | ᠰᠢᠨ᠎ᠡ ᠬᠠᠨᠳᠤᠰᠢ ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠳᠤ ᠵᠣᠬᠢᠴᠠᠵᠤ ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠂ ᠦᠨᠡᠨ ᠬᠦ ᠬᠢᠵᠦ ᠂ | ᠬᠠᠲᠠᠭᠤ ᠲᠠᠢ ᠬᠠᠯᠳᠠᠵᠤ ᠂ ᠤᠨᠢᠨ ᠳᠡᠭᠡᠷ᠎ᠡ ᠨᠢ ᠬᠦᠴᠦᠯᠡᠵᠦ ᠂ ᠬᠠᠮᠵᠢᠯᠴᠠᠨ ᠬᠦᠴᠦᠯᠡᠵᠦ ᠂ ᠦᠷᠭᠦᠯᠵᠢᠯᠡᠨ ᠬᠦᠴᠦᠯᠡᠵᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠰᠢᠨ᠎ᠡ ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠵᠠᠢ ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ ᠂ ᠭᠠᠭᠴᠠ ᠬᠦ ᠶᠡᠭᠡ ᠨᠠᠮ ᠤᠨ ᠥᠪᠡᠷᠮᠢᠴᠡ | ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ ᠂ | ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠠᠪᠠᠯᠭᠠᠨ ᠢ ᠰᠥᠷᠦᠨ ᠤᠷᠤᠭᠰᠢᠯᠠᠵᠤ ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠃ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ | ᠵᠢᠯᠣᠭᠤᠳᠤᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ᠨᠠᠮ ᠤᠨ ᠥᠪᠡᠷ ᠢ ᠪᠠᠨ | ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠶᠢ | ᠪᠦᠭᠦ ᠲᠠᠯ᠎ᠠ ᠪᠠᠷ ᠠᠬᠢᠭᠤᠯᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠤᠷᠤᠭᠰᠢᠯᠠᠭᠤᠯᠵᠤ ᠂ ᠢᠮᠠᠭᠲᠠ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠠᠶᠢᠯᠭᠠᠵᠤ ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ ᠦᠭᠡᠢ ᠂ ᠥᠩᠭᠡ | ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠳᠤᠮᠳᠠᠳᠤ ᠶᠢᠨ ᠬᠥᠪᠡᠭᠦᠳ | ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠠᠮᠲᠤ ᠪᠠᠷ ᠠᠤᠭ᠎ᠠ ᠦᠢᠯᠡᠰ ᠢ ᠪᠦᠲᠦᠭᠡᠬᠦ ᠶᠢ | ᠱᠠᠭᠠᠷᠳᠠᠨ᠎ᠠ ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾᠂ ︽ᠰᠢᠶᠠᠩᠭᠠᠡᠭᠴᠤᠳ ᠰᠢᠶᠠᠩᠭᠠᠩ ᠢᠶᠠᠨ | ᠵᠠᠰᠠᠬᠤ ︾᠂ ︽ᠣᠣᠮᠧᠨᠨᠴᠤᠳ ᠣᠣᠮᠧᠨ ᠢᠶᠠᠨ ᠵᠠᠰᠠᠬᠤ ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ | ᠪᠦᠭᠦ ᠲᠠᠯ᠎ᠠ ᠪᠠᠷ ᠵᠥᠪ ᠣᠨᠣᠪᠴᠢᠲᠠᠢ ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠂ ᠬᠠᠤᠯᠢ ᠶᠣᠰᠣᠭᠠᠷ ᠰᠢᠶᠠᠩᠭᠠᠩ | ᠣᠣᠮᠧᠨ ᠢ ᠵᠠᠰᠠᠬᠤ ᠶᠢ ᠪᠠᠷᠢᠮᠲᠠᠯᠠᠵᠤ ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠪᠠᠶᠢᠭᠤᠯᠤᠯ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ ᠂ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠰᠢᠶᠠᠩᠭᠠᠩ ᠢ ᠵᠠᠰᠠᠭᠤᠯᠬᠤ ︾᠂ ︽ᠤᠯᠤᠰ ᠢᠶᠠᠨ | ᠬᠠᠶᠢᠷᠠᠯᠠᠬᠤ ᠬᠥᠮᠥᠰ ᠢᠶᠠᠷ ᠣᠣᠮᠧᠨ ᠢ ᠵᠠᠰᠠᠭᠤᠯᠬᠤ ︾ ᠵᠠᠷᠴᠢᠮ ᠢ ᠨᠠᠶᠢᠳᠠᠪᠤᠷᠢᠵᠢᠭᠤᠯᠵᠤ ᠂ ᠲᠥᠪ ᠤᠨ ᠪᠦᠭᠦ ᠲᠠᠯ᠎ᠠ ᠪᠠᠷ | ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢᠨ ᠨᠢᠭᠡᠳᠦᠯ ᠢ ᠪᠠᠲᠤᠯᠠᠬᠤ ᠶᠢ ᠪᠠᠷᠢᠮᠲᠠᠯᠠᠬᠤ ᠬᠡᠷᠡᠭᠲᠡᠢ ᠃ ᠰᠢᠶᠠᠩᠭᠠᠩ ᠂ ᠣᠣᠮᠧᠨ ᠤ ᠠᠵᠤ ᠠᠬᠤᠢ ᠪᠠᠨ | ᠬᠥᠭᠵᠢᠭᠦᠯᠬᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ ᠂ ᠤᠯᠤᠰ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ | ᠴᠠᠭ ᠤᠨ ᠪᠠᠶᠢᠳᠠᠯ ᠤᠨ ᠬᠠᠨᠳᠤᠰᠢ ᠂ ᠲᠥᠪ ᠶᠣᠰᠣᠨ ᠤ ᠬᠠᠨᠳᠤᠰᠢ ᠂ ᠠᠷᠠᠳ ᠤᠨ ᠰᠡᠳᠬᠢᠯ ᠤᠨ ᠬᠠᠨᠳᠤᠰᠢ ᠮᠥᠨ ᠂ ᠡᠬᠡ | ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ ᠃ ᠰᠢᠨ᠎ᠡ ᠴᠠᠭ ᠦᠶ᠎ᠡ ᠶᠢᠨ ᠨᠠᠮ ᠤᠨ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ ᠂ ᠨᠢᠭᠡ ᠯᠡ | ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾ ᠶᠢ ᠪᠠᠷᠢᠮᠲᠠᠯᠠᠨ ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ ᠂ ᠶᠠᠮᠠᠷᠪᠠ ᠬᠥᠮᠥᠨ ᠤ | ᠶᠠᠮᠠᠷᠪᠠ ᠠᠷᠭ᠎ᠠ ᠮᠠᠶ᠋ᠢᠭ ᠢᠶᠠᠷ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ | ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠥᠭᠡᠳ | ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ ᠃ ᠪᠢᠳᠡ ᠡᠷᠡᠰ ᠪᠠᠲᠤ ᠪᠠᠷ ᠲᠡᠦᠬᠡ ᠶᠢᠨ ᠵᠥᠪ | ᠲᠠᠯ᠎ᠠ ᠳᠤ ᠵᠣᠭᠰᠣᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ ᠂ ᠡᠩᠬᠡ | ᠲᠠᠶᠢᠪᠤᠩ ᠂ ᠬᠥᠭᠵᠢᠯᠲᠡ ᠂ ᠬᠠᠮᠲᠤᠷᠠᠯᠴᠠᠭ᠎ᠠ ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ ᠂ ᠪᠦᠭᠦ | ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠥᠨᠢ ᠤᠳᠠᠭᠠᠨ ᠡᠩᠬᠡ ᠲᠠᠶᠢᠪᠤᠩ ᠂ ᠨᠡᠶᠢᠳᠡᠮ ᠳᠡᠭᠡᠨ ᠠᠮᠤᠷ | ᠲᠦᠪᠰᠢᠨ ᠂ ᠬᠠᠮᠲᠤ ᠪᠠᠷ ᠴᠡᠴᠡᠭᠯᠡᠨ ᠬᠥᠭᠵᠢᠭᠰᠡᠨ ᠂ ᠨᠡᠭᠡᠭᠡᠯᠲᠡᠲᠡᠢ ᠪᠠᠭᠲᠠᠭᠠᠮᠵᠢᠲᠠᠢ ᠂ ᠠᠷᠢᠭᠤᠨ ᠴᠡᠪᠡᠷ ᠦᠵᠡᠰᠬᠦᠯᠡᠩᠲᠦ | ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ ᠃ ᠪᠢᠳᠡ ᠤᠯᠠᠨ ᠤᠯᠤᠰ ᠤᠨ ᠬᠠᠷᠢᠯᠴᠠᠭᠠᠨ ᠤ | ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ | ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠠᠬᠢᠭᠤᠯᠤᠨ᠎ᠠ ᠃ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ | ᠨᠡᠮᠡᠭᠳᠡᠯ ᠮᠥᠨ ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ | ᠦᠭᠡᠢ ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ ᠃ | ᠼᠠᠢ ᠴᠢ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠤ ᠽᠧ | ᠳ᠋ᠦᠩ ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ ᠠᠭᠤᠤ ᠶᠡᠭᠡ | ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ ᠂ ᠮᠠᠤ ᠽᠧ ᠳ᠋ᠦᠩ ᠨᠥᠬᠦᠷ ᠤᠨ ᠳᠤᠮᠳᠠᠳᠤ ᠶᠢᠨ ᠦᠨᠳᠦᠰᠦᠲᠡᠨ ᠂ ᠳᠤᠮᠳᠠᠳᠤ | ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ | ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠᠭ᠎ᠠ ᠪᠣᠯ ᠪᠢᠳᠡᠨ ᠤ ᠦᠷᠭᠦᠯᠵᠢᠯᠡᠨ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ ᠂ | ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦᠩ ᠨᠥᠬᠦᠷ ᠢ ᠳᠤᠷᠠᠰᠬᠠᠬᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠦᠢᠯᠡᠰ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠣᠳᠣ ᠮᠡᠷᠭᠡᠨ ᠂ ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ ᠂ ᠮᠠᠰᠢ | ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠵᠢᠯᠤᠭᠤᠳᠬᠤ ᠴᠢᠨᠠᠷ ᠲᠠᠢ ᠪᠠᠶᠢᠵᠤ ᠂ ᠮᠠᠨ ᠤ ᠨᠠᠮ ᠤᠨ | ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠪᠦᠲᠦᠭᠡᠭᠰᠡᠨ ᠦᠢᠯᠡᠰ ᠢ | ᠦᠷᠭᠦᠯᠵᠢᠯᠡᠨ ᠤᠷᠤᠭᠰᠢ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠪᠤᠶ | ᠪᠤᠯᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ ᠃ | ᠶᠠᠷᠢᠯᠴᠠᠬᠤ ᠬᠤᠷᠠᠯ ᠳᠡᠭᠡᠷ᠎ᠡ ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠪᠡ ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠪᠡᠭᠡᠵᠢᠩ ᠬᠤᠳᠠ ᠂ | ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠂ ᠮᠠᠤ ᠽᠧ ᠳ᠋ᠦᠩ ᠨᠥᠬᠦᠷ ᠤᠨ ᠲᠦᠷᠦᠯ ᠰᠠᠳᠤᠨ ᠂ ᠤᠤᠯ ᠤᠨ | ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠮᠠᠤ ᠽᠧ ᠳ᠋ᠦᠩ | ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ︾ | ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ ᠃ | ᠶᠠᠷᠢᠯᠴᠠᠬᠤ ᠬᠤᠷᠠᠯ ᠠᠴᠠ ᠡᠮᠦᠨ᠎ᠡ ᠂ ᠰᠢ ᠶᠢᠨ ᠫᠢᠩ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ | ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ ᠲᠡᠷᠢᠭᠦᠯᠡᠭᠴᠢ ᠶᠢᠨ ᠳᠤᠷᠠᠰᠬᠠᠯ ᠤᠨ | ᠲᠠᠩᠬᠢᠮ ᠳᠤ ᠬᠦᠷᠴᠦ ᠢᠷᠡᠪᠡ ᠃ ᠬᠤᠶᠢᠲᠤ ᠶᠡᠭᠡ ᠲᠢᠩᠬᠢᠮ ᠳᠤ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠂ ᠡᠯ᠎ᠡ | ᠠᠷᠠᠳᠴᠢᠯᠠᠭᠰᠠᠨ ᠨᠠᠮ ᠪᠦᠯᠦᠭ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ | ᠪᠦᠯᠦᠭ ᠤᠨ ᠪᠤᠰᠤ ᠤᠯᠤᠰ ᠢᠶᠠᠨ ᠬᠠᠶᠢᠷᠠᠯᠠᠬᠤ ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦᠩ | ᠨᠥᠬᠦᠷ ᠤᠨ ᠰᠠᠭᠤᠮᠠᠯ ᠭᠦᠷᠦᠭ ᠤᠨ ᠡᠮᠦᠨ᠎ᠡ ᠲᠠᠯᠪᠢᠪᠠ ᠃ ᠰᠢ ᠶᠢᠨ ᠫᠢᠩ ᠨᠠᠷ ᠮᠠᠤ ᠽᠧ ᠳ᠋ᠦᠩ ᠨᠥᠬᠦᠷ ᠤᠨ ᠰᠠᠭᠤᠮᠠᠯ | ᠭᠦᠷᠦᠭ ᠲᠤ ᠭᠤᠷᠪᠠᠨᠲᠠ ᠶᠣᠰᠣᠯᠠᠵᠤ ᠂ ᠳᠠᠷᠠᠭ᠎ᠠ ᠨᠢ ᠪᠠᠷᠠᠯᠠᠬᠤ ᠲᠢᠩᠬᠢᠮ ᠳᠤ ᠬᠦᠷᠴᠦ ᠂ ᠮᠠᠤ ᠽᠧ ᠳ᠋ᠦᠩ ᠨᠥᠬᠦᠷ ᠤᠨ | ᠭᠡᠭᠡᠨ ᠳᠦᠷᠢ ᠶᠢ ᠪᠠᠷᠠᠯᠠᠪᠠ ᠃ | | | |