2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/12/3
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠪᠠ ᠠᠶᠢᠮᠠᠭ ᠤᠨ ᠲᠣᠪᠴᠢᠶ᠎ᠠ ᠶᠢᠨ ︽2023 ᠣᠨ ᠤ ᠪᠥᠬᠦ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠤᠨ ᠲᠥᠰᠥᠯ︾ ︵  ᠬᠢᠩᠭᠠᠨ ᠬᠢᠨᠠᠨ ᠬᠠᠮᠢᠶᠠᠷᠬᠤ ᠠᠯᠪᠠᠨ ᠥᠰᠥᠭ ﹇2023﹈ 85 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021  —᡺ 2035 ᠣᠨ︶﹀  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠶᠣᠰᠣᠭᠠᠷ᠂ ᠬᠢᠩᠭᠠᠨ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ︾ ᠪᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ︾ ᠤᠨ ᠪᠠᠶᠢᠷᠢᠯᠠᠭᠤᠯᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠪᠠ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠣᠷᠴᠢᠨ ᠲᠣᠭᠤᠷᠢᠨ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠪᠠᠲᠤᠯᠠᠭ᠎ᠠ ᠬᠠᠩᠭᠠᠨ᠎ᠠ᠃    ᠬᠤᠶᠠᠷ᠂ ᠭᠤᠣᠯ ᠡᠭᠦᠷᠭᠡ    ︵ᠨᠢᠭᠡ︶ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠠᠷᠢᠶ᠎ᠠ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ︾ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃    ︵ᠬᠤᠶᠠᠷ︶ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠳᠤ ᠵᠠᠰᠠᠭ ᠵᠠᠬᠢᠷᠭᠠᠨ ᠤ ᠲᠠᠰᠤᠯᠤᠯᠲᠠ ᠬᠢᠬᠦ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠡᠭᠦᠷᠭᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠵᠡᠷᠭᠡ ᠳᠤ ᠬᠤᠯᠪᠣᠭᠳᠠᠭᠰᠠᠨ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠡᠷᠭᠡᠶᠢᠯᠡᠬᠦ ᠪᠠ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠰᠠᠶᠢᠲᠤᠷ ᠬᠢᠨ᠎ᠡ᠃ ᠲᠤᠰᠬᠠᠢ ᠠᠰᠢᠭ ᠤᠨ ᠡᠷᠬᠡ ᠳᠤ ᠳᠠᠪᠬᠤᠷᠳᠠᠭᠤᠯᠤᠨ ᠬᠠᠯᠳᠠᠭᠰᠠᠨ᠂ ᠬᠠᠮᠲᠤᠯᠢᠭ ᠤᠨ ᠡᠷᠬᠡ ᠳᠤ ᠬᠠᠯᠳᠠᠭᠰᠠᠨ᠂ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠵᠡᠷᠭᠡ ᠦᠢᠯᠡ ᠠᠵᠢᠯᠯᠠᠭ᠎ᠠ ᠶᠢ ᠪᠦᠲᠦᠮᠵᠢᠲᠡᠶ ᠰᠢᠢᠳᠪᠦᠷᠢᠯᠡᠵᠦ᠂ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ  ᠪᠠᠲᠤᠯᠠᠨ᠎ᠠ᠃    ︵ᠭᠤᠷᠪᠠ︶ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠷᠬᠡ ᠳᠤ ᠬᠠᠯᠳᠠᠵᠤ ᠬᠤᠳᠠᠯ ᠬᠠᠭᠤᠷᠮᠠᠭ ᠲᠠᠸᠠᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠠᠷᠠᠲᠤ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ᠂ ᠬᠠᠭᠤᠴᠢᠨ ᠨᠠᠷᠠᠲᠤ ᠲᠠᠸᠠᠷ ᠤᠨ ᠲᠡᠮᠳᠡᠭ ᠪᠠ ᠭᠠᠳᠠᠭᠠᠳᠤ ᠳᠤ ᠬᠤᠯᠪᠣᠭᠳᠠᠬᠤ ᠲᠠᠸᠠᠷ ᠤᠨ ᠲᠡᠮᠳᠡᠭ ᠲᠤ ᠬᠠᠯᠳᠠᠭᠰᠠᠨ ᠵᠡᠷᠭᠡ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ᠨᠡᠷᠡᠳᠦ ᠲᠠᠸᠠᠷ ᠤᠨ ᠲᠡᠮᠳᠡᠭᠲᠦ ᠶᠢ ᠮᠠᠭᠠᠳᠯᠠᠨ ᠲᠣᠭᠲᠠᠭᠠᠬᠤ ᠵᠢᠷᠤᠮ ᠪᠠ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠳᠠᠯᠠᠵᠤ᠂ ᠨᠡᠷᠡᠳᠦ ᠲᠠᠸᠠᠷ ᠤᠨ ᠲᠡᠮᠳᠡᠭᠲᠦ ᠶᠢᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠨ᠎ᠠ᠃ ᠲᠠᠸᠠᠷ ᠤᠨ ᠲᠡᠮᠳᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠴᠠᠭᠠᠵᠠᠯᠠᠬᠤ ᠴᠢᠨᠠᠷᠲᠠᠢ ᠲᠣᠭᠲᠠᠭᠠᠯ ᠢ ᠵᠥᠷᠢᠴᠡᠨ ᠲᠠᠸᠠᠷ ᠤᠨ ᠲᠡᠮᠳᠡᠭ ᠢ ᠬᠡᠷᠡᠭᠯᠡᠬᠦ ᠵᠡᠷᠭᠡ ᠲᠠᠸᠠᠷ ᠤᠨ ᠲᠡᠮᠳᠡᠭ ᠤᠨ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠶᠯᠡ ᠠᠵᠢᠯᠯᠠᠭ᠎ᠠ ᠶᠢᠨ ᠳᠦᠷᠢᠮ ᠲᠣᠭᠲᠠᠭᠠᠯ ᠢ ᠴᠢᠩᠭᠠᠷᠠᠭᠤᠯᠤᠨ᠎ᠠ᠃ ᠲᠠᠸᠠᠷ ᠤᠨ ᠲᠡᠮᠳᠡᠭᠲᠦ ᠶᠢ ᠳᠠᠷᠤᠮᠠᠯᠯᠠᠨ ᠦᠢᠯᠡᠳᠬᠦ᠂ ᠦᠢᠯᠡᠳᠪᠦᠷᠢᠯᠡᠯ ᠭᠦᠢᠯᠭᠡᠭᠡ ᠵᠡᠷᠭᠡ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠣᠭᠳᠠᠭᠰᠠᠨ ᠣᠷᠣᠨ ᠪᠦᠰᠡ ᠨᠢ ᠥᠷᠭᠡᠨ᠂ ᠦᠷᠭᠦᠯᠵᠢᠯᠡᠭᠰᠡᠨ ᠴᠠᠭ ᠨᠢ ᠤᠷᠳᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠥᠨᠳᠥᠷ ᠵᠡᠷᠭᠡ ᠡᠷᠬᠡ ᠳᠤ ᠬᠠᠯᠳᠠᠭᠰᠠᠨ ᠬᠦᠨᠳᠦ ᠨᠣᠴᠢᠲᠠᠢ ᠦᠢᠯᠡ ᠠᠵᠢᠯᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠫᠠᠶᠢᠰᠠ ᠲᠣᠭᠲᠠᠭᠠᠨ ᠡᠳ᠋ᠰᠢᠭᠦᠯᠬᠦ ᠠᠵᠤ ᠠᠬᠤᠶᠢᠯᠠᠯ ᠢ ᠬᠢᠨᠠᠮᠠᠭᠠᠢ ᠰᠢᠮᠳᠠᠭᠤᠯᠵᠤ᠂ ᠲᠠᠸᠠᠷ ᠤᠨ ᠲᠡᠮᠳᠡᠭᠲᠦ ᠶᠢ ᠬᠢᠨᠠᠨ ᠬᠠᠷᠭᠤᠭᠤᠯᠬᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ ᠦᠶᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠬᠦ ᠬᠡᠷᠡᠭᠲᠡᠢ᠃ ︵ᠳᠥᠷᠪᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢ ᠴᠢᠩᠳᠠᠯᠠᠨ᠎ᠠ᠃ ᠮᠠᠨ ᠤ ᠠᠶᠢᠮᠠᠭ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠢᠩᠭᠠᠨ ᠠᠶᠢᠮᠠᠭ  ᠠᠴᠠ ᠢᠷᠡᠯᠲᠡ ᠲᠠᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ᠂ ︽ᠨᠡᠲᠦᠭᠡᠷ ᠤᠨ ᠲᠠᠯᠬ᠎ᠠ︾ ᠵᠡᠷᠭᠡ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠭᠠᠵᠠᠷ ᠵᠦᠢ ᠶᠢᠨ ᠲᠡᠮᠳᠡᠭ ᠤᠨ ᠲᠠᠸᠠᠷ ᠤᠨ ᠲᠡᠮᠳᠡᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠭᠤᠴᠢᠨ ᠪᠠᠶᠢᠴᠠᠭᠠᠬᠤ ᠬᠠᠷᠢᠴᠠᠯ ᠪᠠ  ᠤᠳᠠᠭ᠎ᠠ ᠶᠢ ᠳᠡᠭᠡᠭᠰᠢᠯᠡᠭᠦᠯᠦᠨ᠂ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠭᠠᠵᠠᠷ ᠵᠦᠢ ᠶᠢᠨ ᠪᠡᠯᠭᠡ ᠲᠡᠮᠳᠡᠭ ᠤᠨ ᠲᠤᠰᠬᠠᠢ ᠬᠡᠷᠡᠭᠯᠡᠭᠡᠨ ᠤ ᠪᠡᠯᠭᠡ ᠲᠡᠮᠳᠡᠭ ᠤᠨ ᠪᠠᠷᠢᠮᠵᠢᠶ᠎ᠠ ᠰᠣᠯᠢᠬᠤ ᠠᠵᠢᠯ ᠢ ᠦᠷᠭᠦᠯᠵᠢᠯᠡᠨ ᠠᠬᠢᠭᠤᠯᠵᠤ᠂ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠡᠳ᠋ᠰᠢᠭᠦᠯᠦᠭᠰᠡᠨ ᠢᠳᠡᠭᠡᠨ᠂ ᠵᠢᠩᠬᠢᠨᠢ ᠡᠮ ᠤᠨ ᠮᠠᠲ᠋ᠧᠷᠢᠶᠠᠯ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠵᠦᠢ ᠶᠢᠨ ᠲᠡᠮᠳᠡᠭ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃    ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠬᠥᠬᠡ ᠣᠭᠲᠠᠷᠭᠤᠢ︾ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠪ ᠤᠨ ᠪᠤᠰᠤ ᠲᠤᠰᠬᠠᠢ ᠠᠰᠢᠭ ᠤᠨ ᠭᠤᠶᠤᠴᠢᠯᠠᠯ᠂ ᠲᠠᠸᠠᠷ ᠤᠨ ᠲᠡᠮᠳᠡᠭᠲᠦ ᠶᠢ ᠮᠠᠭᠤ ᠰᠠᠨᠠᠭ᠎ᠠ ᠲᠠᠢ ᠪᠠᠷ ᠳᠠᠩᠰᠠᠯᠠᠭᠤᠯᠬᠤ ᠪᠠᠷ ᠲᠤᠰᠢᠶᠠᠭᠰᠠᠨ ᠨᠢᠭᠡᠴᠡ ᠪᠠ ᠬᠤᠪᠢ ᠬᠥᠮᠥᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠂ ᠬᠡᠪ ᠤᠨ ᠪᠤᠰᠤ ᠲᠤᠰᠬᠠᠢ ᠠᠰᠢᠭ ᠤᠨ ᠭᠤᠶᠤᠴᠢᠯᠠᠯ ᠪᠠ ᠲᠠᠸᠠᠷ ᠤᠨ ᠲᠡᠮᠳᠡᠭᠲᠦ ᠶᠢ ᠮᠠᠭᠤ ᠰᠠᠨᠠᠭ᠎ᠠ ᠲᠠᠢ ᠪᠠᠷ ᠳᠠᠩᠰᠠᠯᠠᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠪᠤᠰᠤᠳ ᠤᠨ ᠪᠡᠶ᠎ᠡ ᠬᠡᠮ ᠤᠨ ᠮᠡᠳᠡᠭᠡ ᠵᠠᠩᠭᠢ ᠶᠢ ᠬᠠᠭᠤᠷᠮᠠᠭᠯᠠᠨ ᠬᠡᠷᠡᠭᠯᠡᠵᠦ ᠲᠤᠰᠬᠠᠢ ᠠᠰᠢᠭ ᠭᠤᠶᠤᠴᠢᠯᠠᠬᠤ ᠵᠡᠷᠭᠡ ᠲᠣᠭᠲᠠᠭᠠᠯ  ᠠᠴᠠ ᠵᠥᠷᠢᠴᠡᠭᠰᠡᠨ ᠭᠤᠣᠯᠳᠠᠯᠭ᠎ᠠ ᠲᠠᠢ ᠦᠶᠯᠡ ᠠᠵᠢᠯᠯᠠᠭ᠎ᠠ ᠶᠢ ᠵᠠᠰᠠᠬᠤ ᠶᠢ ᠴᠢᠩᠭᠠᠳᠬᠠᠵᠤ᠂ ᠠᠵᠢᠯ ᠤᠨ ᠳᠤᠮᠳᠠ ᠪᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ  ᠳᠤᠨᠢ ᠬᠠᠤᠯᠢ ᠪᠠᠷᠢᠬᠤ ᠪᠠᠶᠢᠭᠤᠯᠭ᠎ᠠ ᠳᠤ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠢ᠃ ᠲᠦᠷᠭᠡᠨ ᠰᠢᠢᠳᠪᠦᠷᠢᠯᠡᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠳᠡᠭᠡᠳᠦ ᠱᠠᠲᠤᠨ ᠠᠴᠠ ᠲᠤᠰᠢᠶᠠᠨ ᠰᠢᠢᠳᠪᠦᠷᠢᠯᠡᠭᠦᠯᠦᠭᠰᠡᠨ ᠪᠠ ᠰᠠᠯᠠᠭ᠎ᠠ ᠮᠥᠴᠢᠷ᠂ ᠭᠠᠵᠠᠷ ᠣᠷᠣᠨ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠪᠠ ᠬᠡᠷᠡᠭ ᠤᠨ ᠰᠦᠪᠡᠭᠴᠢ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃    ︵ᠵᠢᠷᠭᠤᠭ᠎ᠠ︶ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠵᠢᠴᠢ ᠭᠤᠣᠯᠳᠠᠯᠭ᠎ᠠ ᠲᠠᠢ ᠬᠦᠷᠢᠶᠡᠨ ᠤ ᠬᠠᠮᠠᠭᠠᠯᠠᠯᠲᠠ ᠶᠢ ᠳᠣᠪᠤᠶᠢᠯᠭᠠᠨ᠎ᠠ᠃ ᠣᠯᠠᠨ ᠨᠡᠶᠢᠲᠡ ᠶᠢᠨ ᠠᠰᠢᠭ ᠲᠤᠰᠠ ᠪᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠢᠳᠡᠭᠡᠨ᠂ ᠡᠮ ᠤᠨ ᠵᠦᠢᠯ᠂ ᠦᠷ᠎ᠡ ᠶᠢᠨ ᠦᠢᠯᠡᠰ᠂ ᠱᠦᠢᠨᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠢᠴᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠢᠯᠠᠩᠭᠤᠶ᠎ᠠ ᠠᠷᠠᠳ ᠤᠨ ᠠᠮᠢᠳᠤᠷᠠᠯ ᠤᠨ ᠡᠳ᠋ ᠪᠣᠳᠠᠰ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭ᠎ᠠ᠂ ᠰᠦᠯᠵᠢᠶᠡᠨ ᠤ ᠵᠠᠬ᠎ᠠ ᠳᠡᠯᠭᠡᠭᠦᠷ ᠤᠨ ᠬᠦᠷᠢᠶ᠎ᠡ ᠴᠠᠷᠠᠭ᠎ᠠ᠂ ᠢᠳᠡᠭᠡᠨ᠂ ᠵᠠᠯᠠᠭᠤᠴᠤᠳ ᠪᠠᠭᠠᠴᠤᠳ ᠬᠡᠦᠬᠡᠳ ᠤᠨ ᠬᠠᠷᠠᠭ᠎ᠠ ᠶᠢ ᠨᠥᠯᠥᠭᠡᠯᠡᠬᠦ ᠬᠠᠮᠢᠶ᠎ᠠ ᠪᠦᠬᠦᠢ ᠦᠢᠯᠡᠳᠬᠦᠨ ᠵᠡᠷᠭᠡ ᠲᠠᠸᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠭᠦᠢᠯᠭᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠳᠤᠮᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠠ ᠠᠵᠢᠯ ᠲᠥᠷᠥᠯ ᠤᠨ ᠡᠷᠦᠢ ᠬᠤᠷᠤᠢ ᠦᠭᠡᠢ ᠦᠵᠡᠭᠳᠡᠯ ᠤᠨ ᠰᠦᠪᠡᠭᠴᠢ ᠶᠢ ᠴᠠᠭ ᠲᠤᠬᠠᠢ ᠳᠤᠨᠢ ᠰᠢᠯᠵᠢᠭᠦᠯᠦᠨ ᠬᠦᠷᠭᠡᠬᠦ ᠬᠡᠷᠡᠭᠲᠡᠢ᠃ ︵ᠳᠣᠯᠤᠭ᠎ᠠ︶ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠵᠢᠴᠢ ᠵᠠᠩᠭᠢᠯᠠᠭ᠎ᠠ ᠶᠢᠨ ᠭᠤᠭᠴᠤᠭ᠎ᠠ ᠶᠢᠨ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠷᠤᠮᠵᠢᠭᠰᠠᠨ ᠵᠠᠬ᠎ᠠ ᠳᠡᠯᠭᠡᠭᠦᠷ ᠢ ᠪᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠸᠠᠷ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠷᠤᠮᠵᠢᠯ︾ ᠤᠨ ᠤᠯᠤᠰ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠬᠠᠮᠢᠶᠠᠷᠤᠯᠲᠠ︾ ᠶᠢᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠰᠦᠯᠵᠢᠶᠡᠨ ᠳᠡᠭᠡᠷᠡᠬᠢ ᠡᠷᠬᠡ ᠳᠤ ᠬᠠᠯᠳᠠᠵᠤ ᠬᠠᠭᠤᠷᠮᠠᠭᠯᠠᠬᠤ ᠦᠶᠯᠡ ᠠᠵᠢᠯᠯᠠᠭ᠎ᠠ ᠶᠢ ᠵᠠᠰᠠᠬᠤ ᠶᠢ ᠴᠢᠩᠭᠠᠳᠬᠠᠵᠤ᠂ ᠲᠠᠪᠴᠠᠩ ᠤᠨ ᠳᠣᠲᠣᠷᠠᠬᠢ ᠡᠵᠡᠩᠨᠡᠭᠴᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠣᠯᠭᠤᠭᠰᠠᠨ ᠮᠡᠳᠡᠭᠡ ᠵᠠᠩᠭᠢ ᠶᠢ ᠰᠤᠭᠤᠴᠢᠨ ᠪᠠᠶᠢᠴᠠᠭᠠᠵᠤ ᠪᠠᠶᠢᠴᠠᠭᠠᠬᠤ ᠤᠳᠠᠭ᠎ᠠ ᠶᠢ ᠳᠡᠭᠡᠭᠰᠢᠯᠡᠭᠦᠯᠦᠨ᠂ ᠰᠦᠯᠵᠢᠶᠡᠨ ᠠᠴᠠ ᠭᠠᠳᠠᠨᠠᠬᠢ ᠪᠠ ᠰᠦᠯᠵᠢᠶ᠎ᠡ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠶᠢ ᠲᠡᠭᠦᠯᠳᠡᠷᠵᠢᠭᠦᠯᠦᠨ᠎ᠡ᠃    ︵ᠨᠠᠢᠮᠠ︶ ᠴᠢᠬᠤᠯᠠ ᠶᠡᠭᠡ ᠠᠵᠢᠯᠯᠠᠭ᠎ᠠ ᠪᠠ ᠴᠢᠬᠤᠯᠠ ᠵᠠᠩᠭᠢᠯᠠᠭ᠎ᠠ ᠶᠢᠨ ᠴᠡᠭ ᠤᠨ ᠪᠠᠲᠤᠯᠠᠭ᠎ᠠ ᠶᠢ ᠴᠢᠩᠭᠠᠳᠬᠠᠨ᠎ᠠ᠃ 19 ᠳ᠋ᠦᠭᠡᠷ ᠬᠤᠭᠤᠴᠠᠭᠠᠨ ᠤ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ 31 ᠳ᠋ᠦᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠯᠠᠨ ᠤᠯᠤᠰ ᠤᠨ ᠲᠣᠮᠣ ᠬᠡᠯᠪᠡᠷᠢ ᠶᠢᠨ ᠤᠷᠤᠯᠳᠤᠭᠠᠨ ᠤ ᠬᠤᠯᠪᠣᠭᠳᠠᠯ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠣᠯᠠᠨ ᠤᠯᠤᠰ ᠤᠨ ᠴᠢᠨᠠᠷᠲᠠᠢ ᠲᠣᠮᠣ ᠬᠡᠯᠪᠡᠷᠢ ᠶᠢᠨ ᠦᠵᠡᠰᠬᠦᠯᠡᠩ ᠤᠨ ᠴᠤᠭᠯᠠᠭᠠᠨ ᠵᠢᠴᠢ ᠲᠣᠰ ᠭᠠᠵᠠᠷ ᠤᠨ ᠭᠤᠣᠯᠯᠠᠨ ᠡᠷᠭᠢᠯᠡᠭᠰᠡᠨ ᠠᠷᠠᠯᠵᠢᠶᠠᠨ ᠤ ᠴᠤᠭᠯᠠᠭᠠᠨ᠂ ᠦᠵᠡᠰᠬᠦᠯᠡᠩ ᠤᠨ ᠴᠤᠭᠯᠠᠭᠠᠨ ᠵᠡᠷᠭᠡ ᠪᠠᠷ ᠭᠤᠣᠯᠳᠠᠯᠭ᠎ᠠ ᠪᠣᠯᠭᠠᠵᠤ᠂ ︽ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠯᠣᠭᠤᠳᠤᠮᠵᠢ︾ ᠶᠢ ᠴᠢᠩᠭ᠎ᠠ ᠵᠢᠷᠤᠮᠯᠠᠨ ᠦᠵᠡᠰᠬᠦᠯᠡᠩ ᠠᠴᠠ ᠡᠮᠦᠨ᠎ᠡ ᠵᠢᠭᠰᠠᠭᠠᠨ ᠪᠠᠶᠢᠴᠠᠭᠠᠬᠤ᠂ ᠦᠵᠡᠰᠬᠦᠯᠡᠩ ᠤᠨ ᠳᠤᠮᠳᠠ ᠲᠣᠭᠤᠷᠢᠨ ᠪᠠᠶᠢᠴᠠᠭᠠᠬᠤ᠂ ᠦᠵᠡᠰᠬᠦᠯᠡᠩ ᠤᠨ ᠳᠠᠷᠠᠭ᠎ᠠ ᠨᠡᠬᠡᠮᠵᠢᠯᠡᠨ ᠪᠠᠶᠢᠴᠠᠭᠠᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠦᠵᠡᠰᠬᠦᠯᠡᠩ ᠤᠨ ᠭᠤᠣᠯᠯᠠᠨ ᠡᠷᠭᠢᠯᠡᠭᠰᠡᠨ ᠲᠠᠯ᠎ᠠ ᠲᠠᠢ ᠬᠠᠮᠵᠢᠯᠴᠠᠨ ᠲᠤᠰᠬᠠᠢ ᠠᠰᠢᠭ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠦᠶᠯᠡ ᠠᠵᠢᠯᠯᠠᠭ᠎ᠠ ᠶᠢ ᠰᠡᠷᠭᠡᠶᠢᠯᠡᠬᠦ᠂ ᠡᠶᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ ᠃ ︽ᠲᠠᠪᠤᠨ ᠰᠠᠷ᠎ᠠ ᠶᠢᠨ ᠨᠢᠭᠡᠨ︾᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ᠂ ᠴᠠᠭᠠᠨ ᠰᠠᠷ᠎ᠠ ᠵᠡᠷᠭᠡ ᠴᠢᠬᠤᠯᠠ ᠪᠠᠶᠠᠷ ᠤᠨ ᠡᠳᠦᠷ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠠᠵᠢᠯ ᠤᠨ ᠪᠡᠯᠡᠳᠬᠡᠯ ᠲᠥᠰᠥᠯ ᠲᠣᠭᠲᠠᠭᠠᠵᠤ᠂ ᠲᠤᠰᠬᠠᠢ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠪᠠᠷ ᠠᠷᠭᠠᠴᠠᠨ᠎ᠠ᠃ ᠤᠯᠠᠷᠢᠯ ᠤᠨ ᠭᠠᠵᠠᠷ ᠵᠦᠢ ᠶᠢᠨ ᠲᠡᠮᠳᠡᠭ ᠲᠠᠢ ᠦᠢᠯᠡᠳᠬᠦᠨ ᠢ ᠲᠥᠪᠯᠡᠷᠡᠭᠦᠯᠦᠨ ᠵᠠᠬ᠎ᠠ ᠳᠡᠯᠭᠡᠭᠦᠷ ᠲᠤ ᠭᠠᠷᠭᠠᠬᠤ ᠵᠠᠩᠭᠢᠯᠠᠭ᠎ᠠ ᠶᠢᠨ ᠴᠡᠭ ᠲᠤ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠲᠡᠭᠰᠢ ᠲᠥᠪ ᠭᠤᠥᠯᠴᠢ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃    ︵ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶᠡᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠲᠦᠷᠭᠡᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠵᠤ ᠲᠤᠰᠠᠯᠠᠬᠤ ᠠᠵᠢᠯ ᠤᠨ ᠥᠷᠲᠡᠭᠡ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠬᠤ ᠶᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠢᠲᠡᠭᠡᠮᠵᠢ ᠪᠠᠷ ᠰᠠᠭᠤᠷᠢ ᠪᠣᠯᠭᠠᠭᠰᠠᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ᠂ ᠲᠠᠸᠠᠷ ᠤᠨ ᠲᠡᠮᠳᠡᠭᠲᠦ ᠶᠢ ᠵᠠᠪᠳᠤᠨ ᠳᠠᠩᠰᠠᠯᠠᠭᠤᠯᠬᠤ ᠵᠡᠷᠭᠡ ᠦᠶᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃    ᠭᠤᠷᠪᠠ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠢᠨᠠᠨ ᠬᠠᠮᠢᠶᠠᠷᠬᠤ ᠭᠠᠵᠠᠷ᠂ ᠬᠤᠪᠢᠶᠠᠷᠢ ᠲᠣᠪᠴᠢᠶ᠎ᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶᠠᠲᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠴᠢᠬᠤᠯᠠ ᠪᠠᠶᠢᠳᠠᠯ ᠲᠠᠢ ᠪᠣᠯ ᠴᠠᠭ ᠲᠤᠬᠠᠢ ᠳᠤᠨᠢ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ᠂ ᠴᠢᠬᠤᠯᠠ ᠶᠡᠭᠡ ᠬᠦᠴᠢᠷ ᠲᠦᠪᠡᠭᠲᠡᠢ ᠠᠰᠠᠭᠤᠳᠠᠯ ᠪᠠᠶᠢᠪᠠᠯ ᠴᠠᠭ ᠲᠤᠬᠠᠢ ᠳᠤᠨᠢ ᠵᠢᠭᠠᠪᠤᠷᠢ ᠠᠪᠬᠤ ᠬᠡᠷᠡᠭᠲᠡᠢ᠃    ︵ᠬᠤᠶᠠᠷ︶ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠎ᠠ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠡᠪᠯᠡᠯ ᠤᠨ ᠡᠷᠬᠡ᠂ ᠪᠣᠭᠤᠮᠲᠠ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠃ ᠵᠠᠰᠠᠭ ᠵᠠᠬᠢᠷᠭ᠎ᠠ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠨᠤᠲᠠᠯᠠᠯᠲᠠ ᠶᠢ ᠲᠡᠭᠦᠯᠳᠡᠷᠵᠢᠭᠦᠯᠬᠦ ᠠᠵᠢᠯ ᠢ ᠲᠦᠷᠭᠡᠪᠴᠢᠯᠡᠨ ᠠᠬᠢᠭᠤᠯᠤᠨ᠎ᠠ᠃ ᠡᠯ᠎ᠡ ᠬᠤᠰᠢᠭᠤ ᠰᠢᠶᠠᠨ ᠤ ᠲᠣᠪᠴᠢᠶ᠎ᠠ ᠶᠢᠨ ᠬᠤᠭᠤᠷᠣᠨᠳᠣᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠠᠤᠯᠢ ᠬᠡᠷᠡᠭᠵᠢᠭᠦᠯᠦᠯᠲᠡ ᠶᠢᠨ ᠰᠣᠯᠢᠯᠴᠠᠭ᠎ᠠ ᠶᠢ ᠴᠠᠭ ᠲᠤᠬᠠᠢ ᠳᠤᠨᠢ ᠥᠷᠨᠢᠭᠦᠯᠵᠦ᠂ ᠨᠠᠩ ᠥᠨᠳᠥᠷ ᠬᠢᠷᠢ ᠲᠦᠪᠰᠢᠨ ᠪᠦᠬᠦᠢ ᠬᠠᠮᠵᠢᠯᠴᠠᠨ ᠬᠠᠮᠲᠤᠷᠠᠨ ᠬᠥᠳᠡᠯᠦᠯᠴᠡᠵᠦ ᠬᠠᠮᠠᠭᠠᠯᠠᠬᠤ ᠪᠠᠶᠢᠷᠢᠰᠢᠯ ᠢ ᠪᠣᠶ ᠪᠣᠯᠭᠠᠨ᠎ᠠ᠃    ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ᠂ ᠤᠬᠠᠭᠤᠯᠤᠨ ᠲᠠᠶᠢᠯᠪᠤᠷᠢᠯᠠᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯᠲᠠᠨ ᠤ ᠴᠢᠳᠠᠪᠤᠷᠢ ᠶᠢᠨ ᠬᠢᠷᠢ ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ᠂ ᠪᠥᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠴᠠᠭ ᠲᠣᠬᠢᠶᠠᠯ ᠢ ᠭᠦᠢᠴᠡᠳ ᠠᠰᠢᠭᠯᠠᠨ᠂ ᠲᠥᠪᠯᠡᠷᠡᠭᠦᠯᠦᠨ ᠤᠬᠠᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠶᠡᠬᠡᠪᠡᠷ ᠥᠷᠨᠢᠭᠦᠯᠵᠦ᠂ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠤᠯᠠᠮᠵᠢᠯᠠᠬᠤ ᠵᠢᠭᠰᠠᠭᠠᠯ ᠢ ᠪᠠᠶᠢᠭᠤᠯᠤᠨ᠂ ᠪᠥᠬᠦ ᠨᠡᠶᠢᠭᠡᠮ ᠢᠶᠠᠷ ᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠦᠵᠡᠯ  ᠢ ᠴᠢᠩᠭᠠᠳᠬᠠᠨ᠎ᠠ  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号