ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ ᠤᠨ ᠦᠨᠳᠦᠰᠦᠨ ᠬᠠᠤᠯᠢ ᠶᠢᠨ  ᠡᠳᠦᠷᠯᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/5
   12 ᠰᠠᠷ᠎ᠠ ᠶᠢᠨ 4 ᠤ ᠡᠳᠦᠷ ᠪᠣᠯ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷᠯᠢᠭ ᠪᠣᠯᠣᠨ᠎ᠠ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠠᠮᠤᠭ ᠤᠨ ᠳᠡᠭᠡᠳᠦ ᠬᠠᠤᠯᠢ ᠴᠠᠭᠠᠵᠠ ᠶᠢᠨ ᠪᠠᠶᠢᠷᠢ ᠰᠠᠭᠤᠷᠢ᠂ ᠬᠠᠤᠯᠢ ᠴᠠᠭᠠᠵᠠ ᠶᠢᠨ ᠡᠷᠬᠡ ᠰᠦᠷ᠂ ᠬᠠᠤᠯᠢ ᠴᠠᠭᠠᠵᠠ ᠶᠢᠨ ᠬᠦᠴᠦᠨ ᠢ ᠢᠯᠡᠷᠡᠭᠦᠯᠵᠦ᠂ ᠦᠨᠳᠦᠰᠦᠨ ᠬᠠᠤᠯᠢ ᠶᠢ ᠳᠡᠭᠡᠳᠦᠯᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠥᠨᠥᠳᠥᠷ ᠤᠨ ᠦᠳᠡ ᠶᠢᠨ ᠡᠮᠦᠨ᠎ᠡ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ︽12·4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ ᠺᠧ ᠨᠡᠶᠢᠭᠡᠮ ᠲᠣᠭᠤᠷᠢᠭ ᠲᠤ ᠶᠠᠪᠤᠭᠳᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃       ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠶᠢᠨ ᠪᠦᠬᠦ ᠺᠠᠳ᠋ᠷ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠺᠠᠳ᠋ᠷ᠂ ᠬᠠᠤᠯᠢ ᠬᠡᠷᠡᠭᠵᠢᠭᠦᠯᠬᠦ ᠠᠵᠢᠯᠲᠠᠳ ᠤᠨ ᠲᠥᠯᠥᠭᠡᠯᠡᠭᠴᠢ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠬᠤ ᠶᠢᠨ ᠬᠠᠮᠲᠤ ᠲᠥᠪ ᠴᠢᠩᠭ᠎ᠠ ᠪᠠᠷ ᠲᠠᠩᠭᠠᠷᠢᠭᠯᠠᠪᠠ᠃ ᠳᠠᠷᠠᠭ᠎ᠠ ᠳᠤᠨᠢ ᠂ ︽ᠪᠢ ᠦᠨᠳᠦᠰᠦᠨ ᠬᠠᠤᠯᠢ ᠲᠠᠢ ᠬᠠᠮᠲᠤ ᠤᠷᠤᠭᠰᠢᠯᠠᠶ᠎ᠠ︾ᠭᠡᠬᠦ ᠤᠷᠳᠤ ᠪᠣᠳᠢ ᠳᠤ ᠭᠠᠷ ᠤᠨ ᠦᠰᠦᠭ ᠵᠢᠷᠤᠵᠤ ᠳᠤᠷᠠᠰᠬᠠᠯ ᠦᠯᠡᠳᠡᠭᠡᠬᠦ ᠠᠵᠢᠯᠯᠠᠭ᠎ᠠ ᠶᠢ ᠥᠷᠨᠢᠭᠦᠯᠪᠡ᠃    ᠠᠵᠢᠯᠯᠠᠭ᠎ᠠ ᠨᠢ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠵᠢᠴᠢ ᠡᠯ᠎ᠡ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠳᠠᠶᠠᠭᠠᠷ ᠢᠶᠠᠨ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号