ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
   12 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠸᠠᠩ ᠯᠢ ᠳ᠋ᠦᠩ᠂ ᠵᠠᠬᠢᠳᠠᠯ ᠰᠣᠷᠪᠤᠯᠵᠢᠯᠠᠭ᠎ᠠ ᠪᠣᠯ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠮᠥᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠪᠤᠳᠠᠯ ᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠨᠡᠨ ᠬᠦ ᠬᠠᠤᠯᠢ ᠶᠣᠰᠣᠭᠠᠷ᠂ ᠴᠠᠭ ᠲᠤᠬᠠᠢ ᠳᠤᠨᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠨ᠂ ᠳᠠᠷᠤᠭᠳᠠᠮᠠᠯ ᠬᠡᠷᠡᠭ ᠢ ᠠᠷᠢᠯᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ᠵᠢᠴᠢ ᠰᠠᠯᠠᠭ᠎ᠠ ᠮᠥᠴᠢᠷ ᠤᠳ ᠬᠠᠷᠢᠶᠠᠲᠤ ᠣᠷᠣᠨ ᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠠᠨᠠᠭᠠᠴᠢᠯᠠᠭ᠎ᠠ  ᠠᠴᠠ ᠪᠠᠨ ᠵᠥᠷᠢᠴᠡᠯ ᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠡᠭᠡᠵᠢᠩ ᠳᠤ ᠬᠦᠷᠴᠦ ᠰᠤᠷᠪᠤᠯᠵᠢᠯᠠᠬᠤ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠬᠡᠷᠡᠭ ᠪᠠ ᠴᠢᠬᠤᠯᠠ ᠶᠡᠭᠡ ᠬᠠᠮᠲᠤᠯᠢᠭ ᠤᠨ ᠴᠢᠨᠠᠷᠲᠠᠢ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠡᠢ᠃    ᠬᠤᠷᠠᠯ ᠠᠴᠠ ᠬᠡᠷᠡᠭ ᠳᠠᠷᠠᠭᠠᠯᠠᠨ ᠬᠠᠷᠢᠭᠤ ᠮᠡᠳᠡᠭᠦᠯᠬᠦ ᠠᠷᠭ᠎ᠠ ᠪᠠᠷ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠲᠤ ᠲᠣᠬᠢᠷᠠᠭᠤᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠠᠷᠢᠯᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号