ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/2/12
     2 ᠰᠠᠷ᠎ᠠ ᠶᠢᠨ 11 ᠤ ᠡᠳᠦᠷ᠂ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠠᠭᠰᠢ᠂ ᠰᠤᠷᠭᠠᠨ ᠬᠥᠮᠦᠵᠢᠯ ᠢ ᠳᠡᠮᠵᠢᠬᠦ ᠰᠣᠷᠣᠭᠴᠢ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠ ᠬᠡᠰᠡᠭ ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠰᠤᠳᠤᠯᠭᠠᠨ ᠤ ᠰᠠᠯᠪᠤᠷᠢ ᠪᠦᠯᠬᠦᠮ ᠤᠨ ᠲᠥᠯᠥᠭᠡᠯᠡᠭᠴᠢ ᠣᠯᠣᠭᠰᠠᠨ ᠠᠮᠵᠢᠯᠲᠠ ᠪᠦᠲᠦᠮᠵᠢ ᠪᠠ ᠣᠯᠣᠭᠰᠠᠨ ᠲᠥᠷᠥᠭᠳᠡᠯ ᠢᠶᠠᠨ ᠬᠠᠷᠢᠭᠤ ᠮᠡᠳᠡᠭᠦᠯᠪᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠ ᠬᠡᠰᠡᠭ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠨᠤᠲᠠᠯᠠᠵᠤ ᠪᠠᠶᠢᠬᠤ ᠪᠠᠨ ᠢᠯᠡᠳᠬᠡᠭᠰᠡᠨ ᠪᠥᠭᠡᠳ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠥᠷᠪᠡᠨ ᠶᠡᠭᠡ ᠪᠠᠭ ᠤᠨ ᠡᠮᠦᠨ᠎ᠡ ᠠᠴᠠ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠴᠢᠷᠮᠠᠶᠢᠯᠭ᠎ᠠ ᠳᠤ ᠲᠠᠯᠠᠷᠬᠠᠯ ᠢᠶᠠᠨ ᠢᠯᠡᠳᠬᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠳᠠᠯ᠂ ᠠᠵᠤ ᠠᠬᠤᠢ ᠨᠡᠶᠢᠭᠡᠮ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠤᠷᠠᠯ ᠳᠤ ᠣᠷᠣᠯᠴᠠᠭᠰᠠᠳ ᠲᠠᠢ ᠬᠠᠮᠲᠤ ᠪᠠᠷ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠣᠷᠣᠰᠢᠵᠤ ᠪᠠᠶᠢᠭ᠎ᠠ ᠠᠰᠠᠭᠤᠳᠠᠯ ᠪᠠ ᠬᠥᠭᠵᠢᠯᠲᠡ ᠶᠢᠨ ᠴᠢᠭᠯᠡᠯ ᠢ ᠰᠤᠳᠤᠯᠤᠨ ᠶᠠᠷᠢᠯᠴᠠᠪᠠ᠃     ᠸᠠᠩ ᠯᠢ ᠳ᠋ᠦᠩ ᠵᠢᠭᠠᠵᠤ ᠭᠠᠷᠭᠠᠭᠰᠠᠨ ᠨᠢ᠂ ᠵᠠᠭᠤᠨ ᠵᠢᠯ ᠤᠨ ᠠᠤᠭ᠎ᠠ ᠪᠣᠳᠣᠯᠭ᠎ᠠ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠵᠤ᠂ ᠪᠥᠬᠦ ᠬᠤᠰᠢᠭᠤᠨ ᠤ 170 ᠨᠡᠷᠡᠰ ᠰᠤᠷᠭᠠᠨ ᠬᠥᠮᠦᠵᠢᠯ ᠢ ᠳᠡᠮᠵᠢᠬᠦ ᠪᠠᠭᠰᠢ ᠪᠣᠯ ᠳᠠᠷᠤᠢ 170 ᠬᠡᠷᠡᠯᠳᠦ ᠴᠠᠮᠬᠠᠭ ᠮᠥᠨ᠂ ᠰᠤᠷᠤᠭᠴᠢᠳ ᠤᠨ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠮᠥᠨ᠂ ᠰᠤᠷᠭᠠᠨ ᠬᠥᠮᠦᠵᠢᠯ ᠢ ᠳᠡᠮᠵᠢᠬᠦ ᠪᠠᠭᠰᠢ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠡᠷᠬᠢᠮ ᠨᠠᠨᠳᠢᠨ ᠰᠠᠨᠠᠭᠤᠯᠭ᠎ᠠ ᠳᠤᠷᠠᠳᠴᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠴᠤ᠂ ᠳᠠᠬᠢᠨ ᠰᠢᠨ᠎ᠡ ᠬᠡᠷᠡᠯ ᠰᠠᠴᠤᠷᠠᠩᠭᠤᠢ ᠠᠮᠵᠢᠯᠲᠠ ᠣᠯᠬᠤ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ᠂ ᠡᠮᠦᠨᠡᠲᠦ ᠬᠤᠰᠢᠭᠤᠨ ᠤ ᠰᠤᠷᠤᠭᠴᠢᠳ ᠲᠤ ᠨᠠᠩ ᠣᠯᠠᠨ ᠮᠡᠳᠡᠯᠭᠡ ᠰᠤᠷᠭᠠᠵᠤ᠂ ᠬᠠᠷᠠᠭ᠎ᠠ ᠪᠠᠨ ᠥᠷᠭᠡᠳᠬᠡᠨ᠂ ᠨᠠᠩ ᠣᠯᠠᠨ ᠮᠡᠷᠭᠡᠵᠢᠯ ᠡᠵᠡᠮᠰᠢᠭᠦᠯᠵᠦ᠂ ᠨᠡᠶᠢᠭᠡᠮ᠂ ᠤᠯᠤᠰ ᠲᠤ ᠬᠡᠷᠡᠭᠴᠡᠭᠡ ᠲᠠᠢ ᠴᠢᠳᠠᠪᠤᠷᠢᠲᠠᠨ ᠪᠣᠯᠭᠠᠨ᠎ᠠ ᠭᠡᠵᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号